6 ᠰᠠᠷ᠎ᠠ ᠶᠢᠨ 5 ᠤ ᠡᠳᠦᠷ ᠤᠨ ᠥᠳᠡ ᠶᠢᠨ ᠬᠤᠶᠢᠨ᠎ᠠ ᠠᠪᠠᠭ᠎ᠠ ᠬᠤᠰᠢᠭᠤᠨ ᠤ ᠠᠩᠬᠠᠳᠤᠭᠠᠷ ᠣᠳᠠᠭᠠᠨ ᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠦᠰᠬᠦᠶᠢᠷᠡᠭᠡᠳᠦᠢ︾ ᠨᠡᠷᠡᠮᠵᠢᠲᠤ ᠨᠤᠮᠤ ᠰᠤᠮᠤ ᠶᠢᠨ ᠬᠠᠷᠪᠤᠯᠲᠠ ᠶᠢᠨ | ᠤᠷᠤᠯᠳᠤᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠳᠤ ᠶᠠᠪᠤᠭᠳᠠᠭᠰᠠᠨ ᠪᠠᠶᠢᠨ᠎ᠠ᠃ | ᠤᠷᠤᠯᠳᠤᠭᠠᠨ ᠢ ᠪᠠᠭ᠎ᠠ ᠨᠣᠳᠤᠭ ᠤᠨ ᠨᠡᠷᠡᠲᠦ ᠠᠬᠠᠮᠠᠳ ᠬᠠᠷᠪᠤᠭᠴᠢ ᠴᠠᠭᠠᠨᠨᠠᠭᠤᠷ ᠪᠠᠯᠭᠠᠰᠤᠨ ᠤ | ᠣᠯᠠᠭᠠᠨᠪᠣᠯᠠᠭ ᠭᠠᠴᠠᠭᠠᠨ ᠤ ᠰᠡᠴᠡᠨᠪᠠᠭᠠᠳᠤᠷ ᠭᠡᠷᠭᠡᠢ ᠰᠢᠨᠡᠴᠡᠴᠡᠭ ᠤᠨ ᠬᠠᠮᠲᠤ ᠰᠠᠨᠠᠭᠠᠴᠢᠯᠠᠨ ᠵᠤᠬᠢᠶᠠᠨ ᠪᠠᠶᠢᠭᠤᠯᠵᠤ | ᠂ ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠲᠥᠷᠪᠡ ᠣᠨ ᠠᠴᠠ ᠳᠡᠭᠡᠭᠰᠢᠬᠢ 30 ᠭᠠᠷᠤᠢ ᠰᠤᠷᠤᠭᠴᠢ | ᠤᠷᠤᠯᠴᠠᠨ ᠡᠷᠡᠭᠲᠡᠢ ᠡᠮᠡᠭᠲᠡᠢ ᠲᠤᠭᠤᠶᠢᠯᠠᠩ ᠬᠤᠪᠢᠶᠠᠵᠤ᠂ 15 ᠮᠧᠲᠷ ᠠᠴᠠ ᠰᠠᠷᠠᠨ ᠫᠠᠢ ᠶᠢ ᠣᠯᠠᠮᠵᠢᠯᠠᠯᠲᠤ | ᠨᠤᠮᠤ ᠪᠠᠷ ᠡᠷᠬᠡᠶᠢᠪᠴᠢᠯᠡᠨ ᠬᠠᠷᠪᠤᠵᠠᠢ᠃ ᠤᠷᠤᠯᠳᠤᠭᠠᠨ ᠤ ᠳ᠋ᠦᠩ ᠳᠤ ᠡᠷᠡᠭᠲᠡᠢ ᠲᠤᠭᠤᠶᠢᠯᠠᠩ ᠳᠤ 6 ᠣᠨ ᠤ 3 | ᠠᠩᠭᠢ ᠶᠢᠨ ᠠᠰᠢᠳᠠ 46 ᠤᠨᠤᠭ᠎ᠠ ᠪᠠᠷ ᠲᠡᠷᠢᠭᠦᠯᠡᠵᠦ᠂ ᠲᠡᠨᠢᠭᠦᠨ 44 ᠤᠨᠤᠭ᠎ᠠ ᠪᠠᠷ ᠳᠡᠳ᠋ᠯᠡᠨ᠂ ᠨᠠᠶᠢᠷᠲᠠᠢ 38 | ᠤᠨᠤᠭ᠎ᠠ ᠪᠠᠷ ᠭᠤᠳᠠᠭᠠᠷᠯᠠᠵᠤ᠂ ᠡᠮᠡᠭᠲᠡᠢ ᠲᠤᠭᠤᠶᠢᠯᠠᠩ ᠳᠤ ᠤᠷᠠᠯᠢᠭ 43 ᠤᠨᠤᠭ᠎ᠠ ᠪᠠᠷ ᠲᠡᠷᠢᠭᠦᠯᠡᠵᠦ᠂ ᠨᠠᠶᠢᠷᠰᠠᠭ | 41 ᠤᠨᠤᠭ᠎ᠠ ᠪᠠᠷ ᠳᠡᠳ᠋ᠯᠡᠨ᠂ ᠲᠤᠨᠤᠷᠠ 40 ᠤᠨᠤᠭ᠎ᠠ ᠪᠠᠷ ᠭᠤᠳᠠᠭᠠᠷᠯᠠᠭᠰᠠᠨ ᠪᠠᠶᠢᠨ᠎ᠠ᠃ | ︽ᠤᠷᠤᠯᠳᠤᠭᠠᠨ ᠳᠤ ᠮᠢᠨᠢ ᠬᠠᠯᠠᠭᠤᠨ ᠳᠡᠮᠵᠢᠯᠭᠡ ᠦᠵᠡᠭᠦᠯᠦᠭᠰᠡᠨ ᠪᠠᠭᠰᠢ ᠠᠵᠢᠯᠳᠠᠨ᠂ ᠨᠣᠳᠤᠭ ᠤᠨ | ᠬᠠᠷᠪᠤᠭᠠᠴᠢ ᠨᠠᠷ ᠲᠠᠭᠠᠨ ᠳᠤᠩ ᠶᠡᠭᠡ ᠪᠠᠶᠠᠷᠯᠠᠯ᠎ᠠ᠂ ᠡᠨᠡ ᠣᠳᠠᠭᠠᠨ ᠤ ᠤᠷᠤᠯᠳᠤᠭᠠᠨ ᠢ ᠬᠡᠣᠬᠡᠳ ᠪᠠᠭᠠᠴᠤᠳ ᠲᠤ | ᠣᠯᠠᠮᠵᠢᠯᠠᠯᠲᠤ ᠡᠷ᠎ᠡ ᠶᠢᠨ ᠭᠤᠷᠪᠠᠨ ᠨᠠᠭᠠᠳᠤᠮ ᠤᠨ ᠨᠢᠭᠡ ᠪᠣᠯᠬᠤ ᠨᠤᠮᠤ ᠰᠤᠮᠤ ᠶᠢᠨ ᠲᠠᠯ᠎ᠠ ᠪᠠᠷ ᠣᠯᠠᠮ ᠢᠯᠡᠭᠦᠦ | ᠣᠶᠢᠯᠠᠭᠠᠭᠤᠯᠤᠨ ᠪᠠᠭ᠋ᠠᠲᠠᠢ ᠪᠣᠯᠭᠠᠵᠤ᠂ ᠢᠷᠡᠭᠡᠳᠦᠢ ᠳᠤ ᠨᠣᠳᠤᠭ ᠤᠨ ᠠᠯᠳᠠᠷ ᠢ ᠡᠷᠭᠦᠭᠰᠡᠨ ᠰᠢᠯᠢᠳᠡᠭ ᠬᠠᠷᠪᠤᠭᠠᠴᠢᠨ | ᠪᠣᠯᠬᠤ ᠳᠤᠨᠢ ᠰᠠᠭᠤᠷᠢ ᠲᠠᠯᠪᠢᠬᠤ ᠵᠣᠷᠢᠯᠭ᠎ᠠ ᠠᠴᠠ ᠡᠷᠬᠢᠯᠡᠨ ᠶᠠᠪᠤᠭᠳᠠᠭᠤᠯᠤᠭᠰᠠᠨ ᠶᠤᠮ᠂ ᠤᠷᠤᠯᠳᠤᠭᠠᠨ ᠶᠡᠭᠡ | ᠠᠮᠵᠢᠯᠲᠠ ᠲᠠᠢ ᠪᠣᠯᠣᠭᠰᠠᠨ᠂ ᠳᠠᠷᠠᠭ᠎ᠠ ᠳᠠᠷᠠᠭ᠎ᠠ ᠶᠢᠨ ᠤᠷᠤᠯᠳᠤᠭᠠᠨ ᠢᠶᠠᠷ ᠬᠡᠣᠬᠡᠳ ᠤᠳ ᠨᠡᠩ ᠢᠯᠡᠭᠦᠦ | ᠢᠳᠡᠪᠬᠢᠯᠡᠨ ᠤᠷᠤᠯᠴᠠᠬᠤ ᠶᠢ ᠬᠦᠰᠡᠵᠦ ᠪᠠᠶᠢᠨ᠎ᠠ︾ ᠭᠡᠵᠦ ᠤᠷᠤᠯᠳᠤᠭᠠᠨ ᠢ ᠵᠣᠬᠢᠶᠠᠨ ᠪᠠᠶᠢᠭᠤᠯᠤᠭᠴᠢ | ᠰᠡᠴᠡᠨᠪᠠᠭᠠᠳᠤᠷ ᠶᠠᠷᠢᠯ᠎ᠠ᠃ | ᠤᠷᠤᠯᠳᠤᠭᠠᠨ ᠤ ᠳᠠᠷᠠᠭ᠎ᠠ ᠮᠠᠨ ᠤ ᠤᠷᠤᠨ ᠤ ᠮᠠᠩᠯᠠᠢ ᠴᠣᠯᠠᠲᠠᠨ ᠬᠠᠷᠪᠤᠭᠠᠴᠢ ᠠᠰᠬᠠᠨ᠂ ᠪᠣᠷᠢᠶᠠᠳ | ᠰᠤᠷ ᠤᠨ ᠮᠠᠰᠲ᠋ᠧᠷ ᠴᠤᠯᠠᠲᠠᠨ ᠷᠢᠨᠴᠢᠨᠳᠤᠷᠵᠢ᠂ ᠤᠷᠤᠨ ᠤ ᠰᠢᠯᠢᠳᠡᠭ ᠬᠠᠷᠪᠤᠭᠠᠴᠢ ᠣᠳᠬᠠᠨᠪᠠᠶᠠᠷ᠂ ᠮᠠᠨ ᠤ | ᠬᠤᠰᠢᠭᠤᠨ ᠤ ᠨᠡᠷᠡᠲᠦ ᠬᠠᠷᠪᠤᠭᠠᠴᠢ ᠨᠠᠷᠠᠨᠴᠤᠭᠲᠤ᠂ ᠵᠢᠷᠤᠮᠲᠤ᠂ ᠤᠴᠢᠪᠠᠳᠠᠷᠠᠬᠤ᠂ ᠪᠣᠷᠣᠪᠠᠭᠠᠳᠤᠷ ᠤᠷᠴᠢᠯᠠᠩ ᠨᠠᠷ | ᠣᠯᠠᠨ ᠳᠤ ᠦᠵᠡᠭᠦᠯᠦᠯᠭᠡ ᠶᠢᠨ ᠬᠠᠷᠪᠤᠭ᠎ᠠ ᠰᠤᠨᠢᠷᠬᠠᠭᠤᠯᠵᠤ᠂ ᠬᠡᠣᠬᠡᠳ ᠤᠳ ᠲᠤ ᠨᠤᠮᠤ ᠪᠠᠨ ᠶᠠᠭᠠᠬᠢᠵᠤ ᠲᠠᠲᠠᠬᠤ | ᠬᠡᠷᠬᠢᠨ ᠤᠨᠢᠯᠠᠬᠤ ᠵᠡᠷᠭᠡ ᠰᠠᠭᠤᠷᠢ ᠮᠡᠳᠡᠯᠭᠡ ᠶᠢᠨ ᠲᠠᠯ᠎ᠠ ᠪᠠᠷ ᠵᠢᠭᠠᠨ ᠵᠢᠯᠤᠭᠤᠳᠤᠭᠰᠠᠨ ᠪᠠᠶᠢᠨ᠎ᠠ᠃ |