ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠎ ᠤᠨ ᠬᠦᠡᠳᠤ ᠬᠦᠩᠬᠡᠨ ᠪᠠᠶ᠎ᠠ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/7/10
      7 ᠰᠠᠷ᠎ᠠ ᠶᠢᠨ 6᠎ ᠤ ᠡᠳᠤᠷ᠂ ᠠᠪᠠᠭ᠎ᠠ ᠬᠤᠰᠢᠭᠤᠨ ᠤ ᠨᠢᠬᠡᠳᠤᠬᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠡᠳᠤ ᠬᠦᠩᠬᠡᠨ ᠪᠠᠶ᠎ᠠ ᠶᠢᠨ ᠲᠠᠮᠢᠷ ᠤᠨ ᠴᠤᠭᠯᠠᠭᠠᠨ ᠤᠳᠬ᠎ᠠ ᠲᠡᠬᠦᠯᠳᠡᠷ ᠡᠬᠢᠯᠡᠪᠡ᠃ ᠲᠤᠰ ᠤᠳᠠᠭᠠᠨ ᠤ ᠪᠠᠶ᠎ᠠ ᠶᠢᠨ ᠲᠠᠮᠢᠷ ᠤᠨ ᠴᠤᠭᠯᠠᠭᠠᠨ ᠤ ᠵᠤᠷᠢᠯᠭ᠎ᠠ ᠨᠢ ᠪᠠᠶ᠎ᠠ ᠶᠢᠨ ᠲᠠᠮᠢᠷ ᠤᠨ ᠪᠤᠯᠪᠠᠰᠤᠷᠠᠯ ᠢ ᠴᠢᠩᠭᠠᠳᠬᠠᠵᠤ᠂ ᠪᠠᠶ᠎ᠠ ᠶᠢᠨ ᠲᠠᠮᠢᠷ ᠤᠨ ᠬᠦᠳᠡᠯᠬᠡᠬᠡᠨ ᠢᠶᠠᠷ ᠡᠷᠡᠬᠦᠯ ᠴᠢᠬᠢᠷᠠᠭ᠂ ᠪᠠᠶᠠᠷ ᠪᠠᠶᠠᠰᠤᠯ ᠤᠯᠭᠤᠨ᠂ ᠰᠤᠷᠤᠭᠴᠢᠳ ᠤᠨ ᠪᠠᠶ᠎ᠠ ᠮᠠᠬᠠᠪᠤᠳ ᠤᠨ ᠬᠡᠪ ᠴᠢᠨᠡᠷ ᠢ ᠤᠯᠠᠮ ᠨᠢᠬᠡ ᠠᠯᠬᠤᠮ ᠲᠡᠬᠡᠭᠰᠢᠯᠡᠬᠦᠯᠤᠨ᠂ ᠪᠦᠬᠦ ᠰᠤᠷᠭᠠᠭᠤᠯᠢ ᠶᠢᠨ ᠰᠤᠷᠤᠭᠴᠢᠳ ᠤᠨ ᠪᠠᠶ᠎ᠠ ᠰᠡᠳᠬᠢᠯ ᠤᠨ ᠪᠦᠬᠦ ᠲᠠᠯ᠎ᠠ ᠪᠠᠷ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠦᠯᠤᠬᠡ ᠶᠤᠮ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠬᠤᠰᠢᠭᠤ ᠲᠡᠳ᠋ ᠲᠠᠷᠤᠭ᠎ᠠ ᠭᠧ ᠶᠦᠡᠭ ᠵᠢᠶᠦ᠋ᠨ᠂ ᠰᠤᠷᠭᠠᠨ ᠬᠦᠮᠤᠵᠢᠯ ᠤᠨ ᠲᠤᠪᠴᠢᠶᠠᠨ ᠤ ᠤᠳᠤᠷᠢᠳᠬᠤ ᠪᠠᠭ ᠤᠨ ᠬᠡᠰᠢᠬᠦᠨ᠂ ᠡᠯ᠎ᠠ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠨ ᠭᠧ ᠶᠦᠡᠭ ᠵᠢᠶᠦ᠋ᠨ ᠠᠴᠠ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃       ᠡᠬᠢᠯᠡᠯᠳᠡ ᠶᠢᠨ ᠶᠤᠰᠤᠯᠠᠯ ᠲᠡᠬᠡᠷ᠎ᠠ᠂ ᠦᠩᠬᠡᠳᠤ ᠲᠤᠭ ᠨᠠᠮᠢᠷᠠᠵᠤ ᠬᠡᠩᠬᠡᠷᠬᠡ ᠪᠦᠷᠢᠶ᠎ᠠ ᠬᠠᠩᠬᠢᠨᠠᠨ ᠰᠦᠷ ᠵᠢᠪᠬᠤᠯᠠᠩᠳᠤ ︽ᠲᠠᠮᠢᠷᠴᠢᠳ ᠤᠨ ᠤᠷᠤᠭᠰᠢᠯᠠᠯᠳᠠ ᠶᠢᠨ ᠲᠠᠭᠤᠤ︾᠎ ᠶᠢᠨ ᠲᠤᠮᠳᠠ᠂ ᠵᠢᠭᠰᠠᠭᠠᠯ ᠤᠨ ᠡᠩᠨᠡᠭᠡ ᠡᠮᠬᠢ ᠴᠡᠭᠴᠠ ᠲᠠᠢ ᠪᠠᠷ ᠲᠠᠯᠠᠪᠠᠢ ᠳᠤ ᠤᠷᠤᠵᠤ᠂ ᠠᠪᠠᠭ᠎ᠠ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠤᠭ ᠪᠠᠳᠠᠷᠠᠩᠭᠤᠢ᠂ ᠪᠤᠯᠪᠠᠰᠤᠨ ᠦᠬᠡᠳᠡᠯᠡᠨ ᠲᠠᠪᠰᠢᠬᠤ ᠴᠤᠭ ᠵᠢᠪᠬᠤᠭ᠎ᠠ ᠶᠢ ᠢᠯᠡᠷᠡᠬᠦᠯᠪᠡ᠃ ᠶᠤᠰᠤᠯᠠᠯ ᠤᠨ ᠲᠠᠷᠠᠭ᠎ᠠ᠂ ᠨᠢᠬᠡᠳᠤᠬᠡᠷ ᠬᠡᠤᠬᠡᠳ ᠤᠨ ᠴᠡᠴᠡᠷᠯᠢᠭ᠂ ᠬᠤᠶᠠᠳᠤᠭᠠᠷ ᠪᠠᠭ᠎ᠠ ᠰᠤᠷᠭᠠᠭᠤᠯᠢ᠂ ᠨᠢᠬᠡᠳᠤᠬᠡᠷ ᠪᠠᠭ᠎ᠠ ᠰᠤᠷᠭᠠᠭᠤᠯᠢ ᠨᠢ ᠲᠤᠰ ᠲᠤᠰ ᠤᠷᠠᠯᠢᠭ ᠬᠢᠮᠨᠠᠰᠲ᠋ᠢᠺ ᠵᠡᠷᠬᠡ ᠲᠤᠭᠯᠠᠯᠳᠠ ᠦᠵᠡᠬᠦᠯᠤᠯᠬᠡ ᠪᠠᠷ ᠢᠶᠠᠨ ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠭᠤᠶᠢᠳᠠ ᠰᠠᠶᠢᠬᠠᠨ ᠦᠩᠬᠡ ᠪᠤᠳᠤᠭ ᠨᠠᠮᠠᠷᠢᠯᠡᠭᠰᠡᠨ ᠪᠠᠶᠢᠨ᠎ᠠ᠃ ᠲᠠᠷᠠᠭ᠎ᠠ ᠎ ᠨᠢ᠂ ᠮᠠᠨ ᠤ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠡᠳᠤ ᠬᠦᠩᠬᠡᠨ ᠲᠠᠮᠢᠷ ᠤᠨ ᠤᠷᠤᠯᠳᠤᠭᠠᠨ ᠵᠢᠩᠬᠢᠨᠢ ᠪᠠᠷ ᠡᠬᠢᠯᠡᠵᠤ᠂ ᠪᠦᠬᠦ ᠬᠤᠰᠢᠭᠤᠨ ᠤ 4 ᠰᠤᠷᠭᠠᠭᠤᠯᠢ ᠶᠢᠨ 237 ᠲᠠᠮᠢᠷᠴᠢᠨ ᠤᠷᠤᠯᠳᠤᠭᠠᠨ ᠳᠤ ᠤᠷᠤᠯᠴᠠᠵᠠᠢ᠃ ᠦᠢᠯᠠᠭᠠᠭᠰᠡᠨ ᠢᠶᠠᠷ᠂ ᠲᠤᠰ ᠤᠳᠠᠭᠠᠨ ᠤ ᠪᠠᠶ᠎ᠠ ᠶᠢᠨ ᠲᠠᠮᠢᠷ ᠤᠨ ᠴᠤᠭᠯᠠᠭᠠᠨ ᠎ ᠨᠢ ᠬᠤᠶᠠᠷ ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠪᠠᠭ᠎ᠠ ᠰᠤᠷᠭᠠᠭᠤᠯᠢ᠂ ᠠᠩᠬ᠎ᠠ ᠵᠠᠷᠬᠡ ᠶᠢᠨ ᠲᠤᠮᠳᠠᠳᠤ ᠰᠤᠷᠭᠠᠭᠤᠯᠢ᠂ ᠦᠡᠳᠤᠷ ᠵᠡᠷᠬᠡ ᠶᠢᠨ ᠲᠤᠮᠳᠠᠳᠤ ᠰᠤᠷᠭᠠᠭᠤᠯᠢ ᠵᠡᠷᠬᠡ ᠭᠤᠷᠪᠡᠨ ᠲᠤᠭᠤᠶᠢᠯᠠᠩ ᠬᠤᠪᠢᠶᠠᠵᠤ᠂ ᠦᠡᠳᠤᠷ ᠦᠰᠤᠷᠬᠦ᠂ ᠬᠤᠯᠠ ᠦᠰᠤᠷᠬᠦ᠂ ᠦᠢᠷ᠎ᠠ ᠬᠦᠶᠤᠯᠳᠠ᠂ ᠬᠤᠯᠠ ᠬᠦᠶᠤᠯᠳᠠ ᠵᠡᠷᠬᠡ ᠤᠷᠤᠯᠳᠤᠭᠠᠨ ᠤ ᠲᠦᠷᠤᠯ ᠢ ᠲᠤᠬᠢᠷᠠᠭᠤᠯᠤᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号