︽ᠠᠪᠠᠭ᠎ᠠ ᠲᠠᠪᠤᠨ ᠠᠶᠠᠨ︾ ᠭᠠᠯ ᠠᠶᠠᠨ ᠤ ᠬᠢᠨ ᠠᠶᠠᠨ ᠳᠤ ᠪᠠᠨ ᠭᠠᠷᠤᠯ᠎ᠠ
ᠨᠡᠶᠢᠲᠡᠯᠡᠭᠰᠡᠨ ᠴᠠᠭ᠄
2023/7/13
      7 ᠰᠠᠷ᠎ᠠ ᠶᠢᠨ 3᠎ ᠤ ᠡᠳᠤᠷ᠂ ᠰᠢᠯᠢ ᠶᠢᠨ ᠭᠤᠤᠯ ᠤᠨ ᠡᠳᠤᠷ ᠤᠨ ᠰᠤᠨᠢᠨ ᠤ ᠬᠤᠷᠢᠶᠠᠨ ᠠᠴᠠ ᠵᠤᠬᠢᠶᠠᠨ ᠪᠠᠶᠢᠭᠤᠯᠤᠭᠰᠡᠨ ︽ᠠᠪᠠᠭ᠎ᠠ ᠲᠠᠪᠤᠨ ᠡᠷᠳᠡᠨᠢ︾ ᠲᠤᠰᠬᠠᠢ ᠰᠤᠷᠪᠤᠯᠵᠢᠯᠠᠭ᠎ᠠ ᠶᠢᠨ ᠭᠠᠯ ᠠᠶᠠᠨ ᠤ ᠬᠢᠨ ᠠᠪᠠᠭ᠎ᠠ ᠬᠤᠰᠢᠭᠤᠨ ᠳᠤ ᠬᠦᠷᠴᠤ ᠰᠤᠷᠪᠤᠯᠵᠢᠯᠠᠭ᠎ᠠ ᠶᠢᠨ ᠠᠶᠠᠨ ᠢᠶᠠᠨ ᠡᠬᠢᠯᠡᠬᠦᠯᠤᠯ᠎ᠠ᠃       ᠡᠨᠡᠬᠦ ᠠᠵᠢᠯᠯᠠᠭ᠎ᠠ ᠨᠢ ᠰᠢᠯᠢ ᠶᠢᠨ ᠭᠤᠤᠯ ᠤᠨ ᠢᠶᠠᠨ ᠦᠯᠢᠬᠡᠷ ᠢ ᠶᠠᠷᠢᠬᠤ ᠪᠠ ᠰᠢᠯᠢ ᠨᠤᠳᠤᠭ ᠤᠨ ᠴᠢᠨᠡᠷ ᠰᠠᠶᠢᠳᠡᠢ ᠬᠦᠭᠵᠢᠯᠳᠠ ᠶᠢ ᠤᠬᠠᠭᠤᠯᠤᠨ ᠰᠤᠷᠳᠠᠯᠴᠢᠯᠠᠬᠤ ᠪᠠᠷ ᠭᠤᠤᠯ ᠵᠤᠷᠢᠯᠭ᠎ᠠ ᠪᠠᠨ ᠪᠤᠯᠭᠠᠭᠰᠡᠨ ᠶᠤᠮ᠃ ᠮᠦᠡᠴᠤ ᠡᠨᠡᠬᠦ ᠠᠵᠢᠯᠯᠠᠭ᠎ᠠ ᠪᠠᠷ ᠲᠠᠮᠵᠢᠨ ᠰᠤᠷᠪᠤᠯᠵᠢᠯᠠᠭᠴᠢᠳ ᠤᠨ ︽ᠲᠦᠷᠪᠡᠨ ᠴᠢᠳᠠᠪᠤᠷᠢ︾᠎ ᠶᠢ ᠲᠡᠬᠡᠭᠰᠢᠯᠡᠬᠦᠯᠵᠤ᠂ ᠮᠠᠯᠴᠢᠨ ᠴᠢᠮᠡᠬᠡᠯᠡᠭᠴᠢ ᠶᠢ ᠪᠤᠰᠤᠳ ᠭᠠᠵᠡᠷ ᠤᠨ ᠰᠤᠷᠪᠤᠯᠵᠢᠯᠠᠭ᠎ᠠ ᠳᠤ ᠤᠷᠤᠯᠴᠠᠭᠤᠯᠬᠤ ᠪᠠᠷ ᠲᠠᠮᠵᠢᠭᠤᠯᠤᠨ ᠬᠠᠮᠳᠤᠷᠤᠯᠴᠠᠭ᠎ᠠ ᠶᠢ ᠠᠬᠢᠭᠤᠯᠵᠤ᠂ ᠲᠠᠳᠠᠨ ᠤ ᠢᠳᠡᠪᠬᠢᠵᠢᠯ ᠢ ᠤᠯᠠᠮ ᠰᠠᠶᠢᠨ ᠲᠠᠶᠢᠴᠢᠯᠠᠬᠤ ᠶᠢ ᠵᠤᠷᠢᠪᠠ᠃       ︽ᠠᠪᠠᠭ᠎ᠠ ᠲᠠᠪᠤᠨ ᠡᠷᠳᠡᠨᠢ︾ ᠰᠤᠷᠪᠤᠯᠵᠢᠯᠠᠭ᠎ᠠ ᠶᠢᠨ ᠭᠠᠯ ᠠᠶᠠᠨ ᠤ ᠬᠢᠨ ᠮᠠᠨ ᠤ ᠬᠤᠷᠢᠶᠠᠨ ᠤ ᠬᠤᠶᠠᠷ ᠰᠤᠷᠪᠤᠯᠵᠢᠯᠠᠭᠴᠢ ᠪᠤᠯᠤᠨ ᠲᠦᠷᠪᠡᠨ ᠮᠠᠯᠴᠢᠨ ᠴᠢᠮᠡᠬᠡᠯᠡᠭᠴᠢ ᠪᠠᠷ ᠪᠦᠷᠢᠯᠳᠤᠵᠤ᠂ ᠲᠠᠪᠤᠨ ᠬᠤᠰᠢᠭᠤ ᠮᠠᠯ ᠢ ᠲᠤᠰᠬᠠᠶᠢᠵᠢᠭᠤᠯᠤᠨ ᠬᠡᠪᠴᠢᠶᠠᠵᠢᠬᠦᠯᠤᠨ ᠮᠠᠯᠵᠢᠵᠤ ᠪᠠᠶᠢᠭ᠎ᠠ ᠲᠠᠪᠤᠨ ᠮᠠᠯᠴᠢᠨ ᠠᠶᠢᠯ ᠳᠤ ᠬᠦᠡᠵᠡᠬᠡᠶᠢᠷᠡᠨ ᠰᠤᠷᠪᠤᠯᠵᠢᠯᠠᠬᠤ ᠪᠠᠷ ᠲᠠᠮᠵᠢᠨ ᠪᠦᠬᠦ ᠤᠷᠤᠨ ᠤ ᠤᠳᠤᠬᠢᠴᠢᠯᠠᠭᠰᠡᠨ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠴᠡᠭ ᠬᠡᠮᠡᠭᠳᠡᠭᠰᠡᠨ ᠠᠪᠠᠭ᠎ᠠ ᠬᠤᠰᠢᠭᠤᠨ ᠤ ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠪᠠᠶᠢᠳᠠᠯ ᠵᠢᠴᠢ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠤᠮᠳᠠ ᠴᠤᠯᠭᠤᠷᠠᠭᠰᠡᠨ ᠨᠠᠶᠢᠳᠡᠯᠢᠭ ᠵᠢᠱᠢᠶ᠎ᠠ ᠪᠤᠯᠬᠤᠶᠢᠴᠠ ᠬᠦᠮᠤᠨ ᠪᠤᠯᠤᠨ ᠬᠡᠷᠡᠭ ᠤᠴᠢᠷ ᠢ ᠮᠡᠳᠡᠬᠡᠯᠡᠬᠦ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号