ᠮᠠᠯᠴᠢᠳ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠣᠷᠢᠭ ᠲᠡᠭᠦᠯᠳᠡᠷ ᠠᠯᠬᠤᠯᠠᠨ᠎ᠠ
ᠨᠡᠶᠢᠲᠡᠯᠡᠭᠰᠡᠨ ᠴᠠᠭ᠄
2023/7/3
      ᠮᠠᠯᠴᠢᠨ ᠲᠥᠮᠡᠨ ᠮᠢᠨᠢ ᠡᠷᠲᠡ ᠲᠡᠭᠡᠲᠦ ᠪᠠᠨ ᠠᠴᠠ ᠠᠪᠤᠭᠠᠳ ᠲᠠᠪᠤᠨ ᠬᠤᠰᠢᠭᠤ ᠮᠠᠯ ᠢᠶᠠᠨ ︽ᠡᠷᠳᠡᠨᠢ︾ ᠬᠡᠮᠡᠨ ᠲᠡᠭᠡᠳᠦᠯᠡᠨ ᠮᠠᠯᠵᠢᠭᠰᠠᠭᠠᠷ ᠢᠷᠡᠭᠰᠡᠨ ᠶᠤᠮ᠃ ᠲᠡᠭᠦᠨ ᠤ ᠳᠤᠳᠤᠷ᠎ᠠ ᠠᠴᠠ ᠦᠬᠡᠷ ᠮᠠᠯᠵᠢᠬᠤ ᠨᠢ ᠭᠡᠳᠦᠶᠢᠪᠡᠷ ᠨᠢᠭᠡᠨ ᠡᠩ ᠤᠨ ᠠᠵᠢᠯ ᠪᠣᠯᠪᠠᠴᠦ ᠣᠯᠠᠮᠵᠢᠯᠠᠯᠲᠤ ᠮᠠᠯᠵᠢᠬᠤ ᠦᠢᠯᠡᠰ ᠤᠨ ᠢᠶᠠᠨ ᠡᠵᠡᠩᠨᠡᠯᠲᠡ ᠶᠢᠨ ᠠᠷᠭ᠎ᠠ ᠮᠠᠶ᠋ᠢᠭ ᠲᠤ ᠳᠤᠬᠢᠷᠠᠭᠤᠯᠤᠯᠲᠠ ᠬᠢᠵᠦ᠂ ᠭᠠᠷ ᠬᠡᠭᠡᠯᠳᠦᠭᠦᠯᠭᠡ ᠪᠠᠷ ᠦᠬᠡᠷ ᠤᠨ ᠡᠭᠦᠯᠳᠡᠷ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠢ ᠶᠢᠨ ᠦᠷ᠎ᠡ ᠠᠰᠢᠭ ᠤᠨ ᠨᠡᠮᠡᠭᠳᠡᠯ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ︽ᠬᠤᠣᠰ︾ ᠠᠰᠢᠭ ᠢ ᠬᠦᠷᠲᠡᠬᠦ ᠬᠠᠷᠠᠯᠲᠠ ᠶᠢ ᠪᠡᠶᠡᠯᠡᠭᠦᠯᠬᠦ ᠨᠢ ᠲᠡᠶᠢᠮᠦ ᠬᠢᠯᠪᠡᠷ ᠶᠠᠪᠤᠳᠠᠯ ᠪᠢᠰᠢ ᠶᠤᠮ᠃ ᠲᠡᠭᠡᠲᠦ ᠱᠠᠳᠤᠨ ᠤ ︽ᠬᠤᠨᠢ ᠢᠮᠠᠭ᠎ᠠ ᠶᠢ ᠴᠦᠭᠡᠴᠢᠯᠡᠵᠦ ᠦᠬᠡᠷ ᠢ ᠦᠰᠭᠡᠬᠦ︾ ᠪᠠᠶᠢᠯᠳᠤᠬᠤ ᠪᠣᠳᠣᠯᠭ᠎ᠠ ᠶᠢᠨ ᠵᠢᠯᠤᠭᠤᠳᠤᠯᠭ᠎ᠠ ᠲᠤᠤᠷ᠎ᠠ᠂ ᠴᠠᠭᠠᠨᠨᠠᠭᠤᠷ ᠪᠠᠯᠭᠠᠰᠣᠨ ᠤ ᠮᠠᠰᠢ ᠣᠯᠠᠨ ᠮᠠᠯᠴᠢᠳ ᠦᠢᠯᠡᠳᠪᠤᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠤᠳᠤ ᠥᠶ᠎ᠡ ᠶᠢᠨ ᠰᠢᠯᠢᠳᠡᠭ ᠡᠭᠦᠯᠳᠡᠷ ᠤᠨ ᠦᠬᠡᠷ ᠤᠨ ᠠᠵᠤ ᠦᠢᠯᠡᠰ ᠢ ᠬᠦᠭᠵᠢᠭᠦᠯᠦᠨ᠂ ᠪᠠᠶᠠᠵᠢᠯ ᠤᠨ ᠵᠠᠮ ᠢᠶᠠᠷ ᠵᠠᠮᠨᠠᠭᠰᠠᠨ ᠤ ᠨᠢᠭᠡ ᠨᠢ ᠳᠠᠷᠤᠢ ᠬᠦᠭᠵᠢᠯᠲᠦ ᠭᠠᠴᠠᠭᠠᠨ ᠤ ᠣᠶᠠᠩᠭ᠎ᠠ ᠶᠢᠨ ᠬᠢ ᠪᠣᠯᠣᠨ᠎ᠠ᠃       2011ᠣᠨ ᠳᠤ᠂ ᠣᠶᠠᠩᠭ᠎ᠠ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠮᠦᠷ ᠢᠶᠠᠨ ᠲᠡᠭᠦᠰᠭᠡᠵᠦ᠂ ᠬᠦᠳᠡᠭᠡ ᠨᠣᠳᠤᠭ ᠲᠠᠭᠠᠨ ᠬᠠᠷᠢᠵᠤ ᠢᠷᠡᠬᠦ ᠳᠤ᠂ ᠲᠡᠭᠦᠨ ᠤ ᠭᠡᠷ ᠪᠦᠯᠢ ᠪᠣᠯᠣᠨ ᠠᠶᠢᠯ ᠰᠠᠬᠠᠭᠠᠯᠲᠠ ᠶᠢᠨ ᠬᠢᠨ ᠮᠦᠨ ᠯᠡ ᠣᠯᠠᠮᠵᠢᠯᠠᠯᠲᠤ ᠮᠠᠯᠵᠢᠯ ᠤᠨ ᠠᠷᠭ᠎ᠠ ᠮᠠᠶ᠋ᠢᠭ ᠢᠶᠠᠷ ᠢᠶᠠᠨ ᠮᠠᠯ ᠤᠨᠤᠭ᠎ᠠ ᠪᠠᠨ ᠠᠷᠠᠴᠢᠯᠠᠨ ᠲᠡᠵᠢᠭᠡᠵᠦ᠂ ᠦᠢᠯᠡᠳᠪᠦᠷᠢᠯᠡᠯ ᠮᠠᠯᠵᠢᠯ ᠤᠨ ᠤᠷᠤᠯᠭ᠎ᠠ ᠨᠢ ᠨᠡᠯᠢᠶᠡᠳ ᠲᠤᠤᠷ᠎ᠠ᠂ ᠬᠦᠳᠡᠯᠮᠦᠷᠢ ᠬᠦᠴᠦᠨ ᠤ ᠦᠪᠡᠷ ᠤᠨ ᠥᠷᠲᠡᠭ ᠎ ᠨᠢ ᠪᠠᠰᠠ ᠯᠡ ᠮᠠᠰᠢ ᠦᠨᠳᠦᠷ᠂ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠳᠦᠮᠵᠢ ᠨᠡᠯᠢᠶᠡᠳ ᠬᠠᠨᠤᠮᠵᠢ ᠦᠭᠡᠢ ᠪᠠᠶᠢᠬᠤ ᠪᠤᠳᠠᠳᠤ ᠪᠠᠶᠢᠳᠠᠯ ᠢ ᠦᠨᠳᠦᠰᠦᠯᠡᠨ᠂ ᠲᠡᠷᠡ ᠨᠦᠬᠦᠷ ᠲᠠᠢ ᠪᠠᠨ ᠬᠠᠮᠳᠤᠪᠠᠷ ᠣᠯᠠᠮᠵᠢᠯᠠᠯᠲᠤ ᠡᠵᠡᠩᠨᠡᠯᠲᠡ ᠶᠢᠨ ᠠᠷᠭ᠎ᠠ ᠪᠠᠨ ᠬᠤᠪᠢᠷᠠᠭᠤᠯᠵᠤ᠂ ᠰᠢᠨ᠎ᠡ ᠦᠢᠯᠡᠳᠪᠤᠷᠢᠯᠡᠯ ᠤᠨ ᠵᠠᠮ ᠢᠶᠠᠷ ᠵᠠᠮᠨᠠᠬᠤ ᠪᠠᠷ ᠵᠤᠷᠢᠭ ᠰᠢᠭᠤᠳᠪᠠ᠃      ᠲᠡᠭᠡᠲᠦ ᠱᠠᠳᠤᠨ ᠤ ᠲᠦᠷᠦ ᠶᠢᠨ ᠪᠣᠳᠣᠯᠭ᠎ᠠ ᠶᠢᠨ ᠵᠢᠯᠤᠭᠤᠳᠤᠯᠭ᠎ᠠ ᠲᠤᠤᠷ᠎ᠠ᠂ ᠣᠶᠠᠩᠭ᠎ᠠ ᠨᠦᠬᠦᠷ ᠲᠠᠢ ᠪᠠᠨ ᠬᠤᠶᠠᠭᠤᠯᠠ ᠣᠷᠢᠳ ᠬᠤᠵᠢᠳ ᠬᠤᠰᠢᠭᠤᠨ ᠤ ᠰᠢᠯᠢᠳᠡᠭ ᠡᠭᠦᠯᠳᠡᠷ ᠤᠨ ᠦᠬᠡᠷ ᠤᠨ ᠭᠠᠷ ᠬᠡᠭᠡᠯᠳᠦᠭᠦᠯᠭᠡ ᠶᠢᠨ ᠮᠡᠷᠭᠡᠵᠢᠯ ᠳᠡᠭᠡᠭᠰᠢᠯᠡᠬᠦᠯᠬᠦ ᠪᠣᠯᠪᠠᠰᠣᠷᠠᠯ ᠤᠨ ᠠᠩᠭᠢ ᠳᠤ ᠨᠡᠷ᠎ᠡ ᠮᠡᠳᠡᠭᠦᠯᠵᠦ᠂ ᠭᠠᠷ ᠬᠡᠭᠡᠯᠳᠦᠭᠦᠯᠭᠡ ᠶᠢᠨ ᠮᠡᠷᠭᠡᠵᠢᠯ ᠠᠴᠠ ᠠᠷᠠᠴᠢᠯᠠᠨ ᠮᠠᠯᠵᠢᠬᠤ ᠬᠦᠷᠲᠡᠯ᠎ᠡ᠂ ᠰᠢᠯᠢᠳᠡᠭ ᠡᠭᠦᠯᠳᠡᠷ ᠤᠨ ᠦᠬᠡᠷ ᠤᠨ ᠭᠤᠣᠯᠯᠠᠬᠤ ᠰᠦᠷᠦᠭ ᠤᠨ ᠪᠠᠶᠢᠭᠤᠯᠤᠯᠲᠠ ᠠᠴᠠ ᠤᠳᠤᠮ ᠭᠠᠷᠤᠯ ᠤᠨ ᠳᠠᠩᠰᠠ ᠡᠪᠬᠡᠮᠡᠯ ᠢ ᠪᠠᠶᠢᠭᠤᠯᠬᠤ ᠬᠦᠷᠲᠡᠯ᠎ᠡ ᠴᠦᠮ ᠰᠢᠰᠲ᠋ᠧᠮ ᠲᠠᠢ ᠰᠤᠷᠤᠯᠴᠠᠵᠤ᠂ ᠲᠡᠭᠦᠨ ᠤ ᠡᠵᠡᠩᠨᠡᠯᠲᠡ ᠶᠢᠨ ᠰᠡᠳᠬᠢᠴᠡ ᠶᠢ ᠨᠡᠭᠡᠭᠡᠭᠰᠡᠨ ᠢᠶᠠᠷ ᠪᠠᠷᠠᠬᠤ ᠦᠭᠡᠢ ᠪᠠᠰᠠ ᠲᠡᠭᠦᠨ ᠤ ︽ᠴᠦᠬᠡᠨ ᠮᠠᠯᠵᠢᠵᠤ ᠰᠢᠯᠢᠳᠡᠭ ᠮᠠᠯᠵᠢᠬᠤ᠂ ᠡᠷᠬᠢᠯᠳᠦᠭᠦᠯᠦᠨ ᠬᠦᠭᠵᠢᠬᠦᠯᠬᠦ︾ ᠵᠠᠮ ᠢᠶᠠᠷ ᠵᠠᠮᠨᠠᠬᠤ ᠢᠲᠡᠭᠡᠯ ᠵᠣᠷᠢᠭ ᠢ ᠎ ᠨᠢ ᠬᠦᠪᠴᠢᠯᠡᠭᠰᠡᠨ ᠪᠠᠶᠢᠨ᠎ᠠ᠃ ᠲᠡᠷᠡ ᠳᠠᠷᠤᠶᠢᠬᠠᠨ ᠭᠡᠷ ᠤᠨ ᠢᠶᠠᠨ ᠱᠠᠷᠤᠯᠠᠢ ᠦᠬᠡᠷ ᠠᠴᠠ ᠭᠠᠷᠳᠡᠵᠦ᠂ ᠭᠠᠷ ᠬᠡᠭᠡᠯᠳᠦᠭᠦᠯᠭᠡ ᠬᠢᠵᠦ ᠦᠬᠡᠷ ᠤᠨ ᠰᠦᠷᠦᠭ ᠢᠶᠠᠨ ᠰᠢᠯᠢᠳᠡᠭᠵᠢᠬᠦᠯᠬᠦ ᠵᠠᠮ ᠢᠶᠠᠨ ᠡᠬᠢᠯᠡᠭᠦᠯᠪᠡ᠃ ᠦᠬᠡᠷ ᠤᠨ ᠡᠭᠦᠯᠳᠡᠷ ᠎ ᠨᠢ ᠨᠡᠯᠢᠶᠡᠳ ᠰᠠᠶᠢᠵᠢᠷᠠᠭᠰᠠᠨ ᠤ ᠳᠠᠷᠠᠭ᠎ᠠ᠂ ᠲᠡᠳᠡ ᠬᠤᠶᠠᠭᠤᠯᠠ ᠰᠢᠨᠵᠢᠯᠡᠬᠦ ᠣᠬᠠᠭᠠᠨᠴᠢ ᠪᠠᠷ ᠮᠠᠯᠵᠢᠬᠤ ᠠᠷᠭ᠎ᠠ ᠵᠠᠮ ᠢ ᠡᠬᠢᠯᠡᠨ ᠰᠦᠪᠡᠭᠴᠢᠯᠡᠵᠦ᠂ ᠲᠡᠵᠢᠭᠡᠯ ᠪᠣᠷᠳᠤᠭᠠᠨ ᠤ ᠳᠤᠬᠢᠷᠠᠭᠤᠯᠤᠯᠲᠠ ᠶᠢ ᠴᠢᠩᠭ᠎ᠠ ᠠᠳᠬᠤᠪᠠ᠃ ᠡᠭᠦᠨ ᠤ ᠵᠡᠷᠭᠡ ᠪᠠᠷ ᠲᠡᠷᠡ ᠳᠠᠬᠢᠨ ᠰᠢᠨ᠎ᠡ ᠰᠡᠳᠬᠢᠴᠡ ᠶᠢ ᠰᠦᠪᠡᠭᠴᠢᠯᠡᠵᠦ᠂ ᠲᠤᠭᠤᠯ ᠢᠶᠠᠨ ᠳᠠᠷᠤᠶᠢᠬᠠᠨ ᠪᠣᠷᠣᠯᠠᠭᠤᠯᠬᠤ ᠶᠢ ᠶᠠᠭᠠᠷᠠᠬᠤ ᠦᠭᠡᠢ ᠪᠠᠷ ᠪᠦᠬᠦᠯᠢ 2 ᠨᠠᠰᠤ ᠬᠦᠷᠴᠦ ᠪᠢᠷᠠᠭᠤ ᠪᠣᠯᠵᠤ᠂ ᠪᠡᠶ᠎ᠡ ᠨᠢ ᠲᠤᠮᠤᠷᠠᠵᠤ ᠦᠰᠦᠭᠰᠡᠨ ᠤ ᠳᠠᠷᠠᠭ᠎ᠠ ᠂ ᠳᠠᠬᠢᠨ ᠪᠣᠷᠣᠯᠠᠭᠤᠯᠬᠤ ᠵᠠᠮ ᠡᠷᠢᠯᠬᠢᠯᠡᠭᠰᠡᠨ ᠳᠤ᠂ ᠦᠷ᠎ᠡ ᠠᠰᠢᠭ ᠨᠢ ᠶᠡᠭᠡ ᠪᠠᠷ ᠳᠡᠭᠡᠭᠰᠢᠯᠡᠭᠰᠡᠨ ᠢᠶᠠᠷ ᠪᠠᠷᠠᠬᠤ ᠦᠭᠡᠢ᠂ ᠦᠬᠡᠷ ᠤᠨ ᠶᠠᠰᠤ ᠴᠢᠨᠠᠷ ᠨᠢ ᠴᠦ ᠲᠤᠭᠲᠠᠭᠤᠨ ᠢᠶᠠᠷ ᠬᠦᠭᠵᠢᠭᠰᠡᠨ ᠪᠠᠶᠢᠨ᠎ᠠ᠃ ᠣᠶᠠᠩᠭ᠎ᠠ ᠲᠡᠳᠡ ᠬᠤᠶᠠᠭᠤᠯᠠ ᠶᠢᠨ ᠠᠷᠪᠠ ᠭᠠᠷᠤᠢ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ᠂ ᠲᠡᠳᠡᠨ ᠤ ᠦᠬᠡᠷ ᠤᠨ ᠡᠭᠦᠯᠳᠡᠷ ᠎ ᠨᠢ ᠲᠠᠰᠤᠷᠠᠯᠲᠠ ᠦᠭᠡᠢ ᠰᠠᠶᠢᠵᠢᠷᠠᠵᠤ᠂ ᠲᠤᠭᠤᠯ ᠨᠢ ᠬᠠᠮᠤᠭ ᠦᠨᠳᠦᠷ ᠲᠡᠭᠡᠨ 4 ᠲᠥᠮᠡᠨ ᠲᠦᠭᠦᠷᠢᠭ ᠤᠨ ᠬᠠᠩᠰᠢ ᠳᠤ ᠬᠦᠷᠪᠡ᠃ 2014 ᠣᠨ ᠳᠤ ᠠᠶᠢᠮᠠᠭ ᠤᠨ ᠲᠡᠰ ᠤᠨ ᠰᠢᠯᠢᠳᠡᠭ ᠡᠭᠦᠯᠳᠡᠷ ᠤᠨ ᠦᠬᠡᠷ ᠤᠨ ᠭᠤᠣᠯᠯᠠᠬᠤ ᠰᠦᠷᠦᠭ ᠲᠤ ᠰᠣᠩᠭᠤᠭᠳᠠᠨ ᠤᠷᠤᠵᠤ᠂ ᠵᠢᠯ ᠪᠦᠷᠢ ᠶᠢᠨ ᠡᠯ᠎ᠡ ᠱᠠᠳᠤᠨ ᠤ ᠮᠠᠯ ᠤᠨ ᠡᠭᠦᠯᠳᠡᠷ ᠤᠨ ᠰᠢᠯᠭᠠᠨ ᠦᠨᠡᠯᠡᠬᠦ ᠤᠷᠤᠯᠳᠤᠭᠠᠨ ᠳᠤ ᠴᠦᠮ ᠰᠢᠯᠢᠳᠡᠭ ᠬᠢᠷᠢ ᠪᠦᠳᠦᠮᠵᠢ ᠣᠯᠵᠤ᠂ ᠬᠦᠮᠦᠰ ᠤᠨ ᠪᠠᠭ᠋ᠠᠷᠬᠠᠯ ᠢ ᠲᠠᠲᠠᠭᠰᠠᠭᠠᠷ ᠢᠷᠡᠭᠰᠡᠨ ᠪᠠᠶᠢᠨ᠎ᠠ᠃ 2021 ᠣᠨ ᠳᠤ ᠣᠶᠠᠩᠭ᠎ᠠ ᠠᠪᠠᠭ᠎ᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠢᠶᠠᠷ ᠰᠤᠩᠭᠤᠭᠳᠠᠵᠤ᠂ ᠲᠡᠷᠡ ︽ᠮᠠᠯᠴᠢᠳ ᠢ ᠴᠦᠬᠡᠨ ᠮᠠᠯᠵᠢᠵᠤ ᠰᠢᠯᠢᠳᠡᠭ ᠮᠠᠯᠵᠢᠬᠤ ᠶᠢ ᠵᠤᠷᠢᠭᠵᠢᠭᠤᠯᠵᠤ᠂ ᠡᠷᠬᠢᠯᠳᠦᠭᠦᠯᠦᠨ ᠬᠦᠭᠵᠢᠬᠦᠯᠬᠦ︾ ᠬᠠᠮᠢᠶ᠎ᠠ ᠪᠦᠬᠦᠢ ᠰᠠᠨᠠᠯ ᠳᠤᠷᠠᠳᠤᠯᠭ᠎ᠠ ᠶᠢ ᠢᠳᠡᠪᠬᠢᠲᠡᠢ ᠪᠠᠷ ᠳᠡᠭᠡᠭᠰᠢ ᠳᠡᠪᠰᠢᠭᠦᠯᠵᠦ᠂ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠭᠡᠭᠰᠡᠭᠡᠷ ᠢᠷᠡᠪᠡ᠃       2023 ᠣᠨ ᠳᠤ᠂ ︽ᠵᠦᠭᠡᠷ ᠰᠠᠭᠤᠵᠤ ᠲᠡᠶᠢᠯᠳᠡᠭ ᠦᠭᠡᠢ︾ ᠣᠶᠠᠩᠭ᠎ᠠ ᠶᠢᠨ ᠬᠢᠨ ᠲᠡᠭᠡᠲᠦ ᠱᠠᠳᠤᠨ ᠠᠴᠠ ᠰᠦᠨ ᠤ ᠦᠢᠯᠡᠰ ᠢ ᠬᠦᠭᠵᠢᠬᠦᠯᠬᠦ ᠲᠦᠷᠦᠯ ᠵᠦᠢᠯ ᠢ ᠭᠤᠶᠤᠴᠢᠯᠠᠵᠤ᠂ ᠥᠶ᠎ᠡ ᠶᠢᠨ ᠥᠶ᠎ᠡ ᠳᠡᠭᠡᠨ ᠣᠯᠠᠮᠵᠢᠯᠠᠵᠤ ᠢᠷᠡᠭᠰᠡᠨ ᠴᠠᠭᠠᠨ ᠢᠲᠡᠭᠡᠨ ᠤ ᠦᠢᠯᠡᠰ ᠢᠶᠠᠨ ᠠᠰᠢᠭᠯᠠᠵᠤ᠂ ᠭᠡᠷ ᠪᠦᠯᠢ ᠶᠢᠨ ᠤᠷᠤᠯᠭ᠎ᠠ ᠶᠢᠨ ᠵᠠᠮ ᠢᠶᠠᠨ ᠦᠷᠭᠡᠳᠬᠡᠬᠦ ᠶᠢ ᠬᠦᠰᠡᠪᠡ᠃ ᠣᠶᠠᠩᠭ᠎ᠠ ᠶᠢᠨ ᠪᠠᠶᠠᠵᠢᠨ ᠴᠢᠨᠡᠭᠡᠯᠡᠭᠵᠢᠭᠰᠡᠨ ᠦᠯᠢᠭᠡᠷ ᠨᠢ ᠴᠠᠭᠠᠨᠨᠠᠭᠤᠷ ᠪᠠᠯᠭᠠᠰᠣᠨ ᠤ ᠮᠠᠯᠴᠢᠨ ᠲᠥᠮᠡᠨ ᠤ ᠵᠣᠯ ᠵᠢᠷᠭᠠᠯᠲᠤ ᠠᠮᠢᠳᠤᠷᠠᠯ ᠤᠨ ᠬᠤᠷᠢᠶᠠᠩᠭᠤᠢ ᠲᠦᠷᠰᠦ ᠪᠣᠯᠣᠨ᠎ᠠ᠃ ᠮᠠᠯᠵᠢᠬᠤ ᠤᠷᠤᠨ ᠤ ᠤᠳᠤᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠨᠡᠩ ᠣᠯᠠᠨ ᠮᠠᠯᠴᠢᠳ ᠮᠠᠯᠵᠢᠬᠤ ᠤᠷᠤᠨ ᠤ ᠴᠢᠨᠠᠷ ᠰᠠᠶᠢᠲᠠᠢ ᠬᠦᠭᠵᠢᠯᠲᠡ ᠶᠢᠨ ᠵᠠᠮ ᠢᠶᠠᠷ ᠵᠠᠮᠨᠠᠵᠤ᠂ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠳᠤ ᠮᠠᠰᠢ ᠶᠡᠭᠡ ᠬᠤᠪᠢᠷᠠᠯᠲᠠ ᠭᠠᠷᠴᠦ᠂ ᠠᠮᠢ ᠠᠬᠤᠢ ᠶᠢᠨ ᠬᠠᠮᠠᠭᠠᠯᠠᠯᠲᠠ ᠶᠢᠨ ᠣᠬᠠᠮᠰᠠᠷ ᠴᠦ ᠨᠡᠶᠢᠳᠡᠮ ᠳᠡᠭᠡᠨ ᠳᠡᠭᠡᠭᠰᠢᠯᠡᠵᠦ᠂ ᠮᠠᠯ ᠪᠡᠯᠴᠢᠭᠡᠷ ᠤᠨ ᠳᠡᠩᠴᠡᠭᠦᠷᠢ ᠶᠢ ᠨᠡᠩ ᠴᠢᠬᠤᠯᠠᠴᠢᠯᠠᠨ᠂ ᠨᠣᠳᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠵᠤ᠂ ᠣᠷᠭᠤᠮᠠᠯ ᠤᠨ ᠪᠦᠷᠭᠦᠴᠡ ᠶᠢ ᠬᠠᠮᠠᠭᠠᠯᠠᠵᠤ᠂ ᠮᠠᠯ ᠰᠦᠷᠦᠭ ᠤᠨ ᠪᠦᠳᠦᠴᠡ ᠶᠢ ᠳᠤᠬᠢᠷᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠣᠯᠠᠮ ᠰᠠᠶᠢᠵᠢᠷᠠᠭᠤᠯᠵᠤ᠂ ᠮᠠᠯᠴᠢᠨ ᠲᠥᠮᠡᠨ ᠤ ᠵᠣᠯ ᠵᠢᠷᠭᠠᠯᠲᠤ ᠲᠦᠷᠦᠭᠳᠡᠯ ᠪᠣᠯᠣᠨ ᠬᠦᠷᠳᠡᠮᠵᠢ ᠶᠢᠨ ᠲᠦᠷᠦᠭᠳᠡᠯ ᠣᠯᠠᠮ ᠠᠴᠠ ᠣᠯᠠᠮ ᠳᠡᠭᠡᠭᠰᠢᠯᠡᠨ᠂ ᠢᠲᠡᠭᠡᠯ ᠲᠡᠭᠦᠯᠳᠡᠷ ᠢᠶᠠᠷ ᠢᠷᠡᠭᠡᠳᠦᠢ ᠶᠢᠨ ᠠᠮᠢᠳᠤᠷᠠᠯ ᠢᠶᠠᠨ ᠴᠤᠭᠴᠠᠯᠠᠨ ᠪᠠᠶᠢᠭᠤᠯᠣᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号