ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠨᠠᠮᠤᠷ ᠤᠨ ᠤᠯᠠᠷᠢᠯ ᠤᠨ ᠬᠠᠳᠤᠯᠠᠩ ᠬᠠᠳᠤᠵᠤ ᠡᠪᠡᠰᠦ ᠨᠥᠭᠡᠴᠡᠯᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/8/16
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ  ᠢ ᠭᠦᠨᠵᠡᠭᠡᠢ ᠦᠢᠯᠡᠳᠦᠯᠭᠡᠵᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠦᠨᠡᠨᠬᠦ ᠲᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠂  ᠡᠨᠡ ᠡᠪᠦᠯ᠂ ᠢᠷᠡᠬᠦ ᠬᠠᠪᠤᠷ ᠤᠨ ᠮᠠᠯ ᠤᠨ ᠮᠡᠨᠳᠤ ᠤᠨᠳᠤᠷᠤᠯᠲᠠ ᠵᠢᠴᠢ 2024 ᠣᠨ ᠤ ᠬᠠᠪᠤᠷ ᠤᠨ ᠤᠯᠠᠷᠢᠯ ᠤᠨ ᠨᠣᠭᠤᠭ᠎ᠠ ᠭᠠᠷᠬᠤ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠳᠤ ᠬᠡᠷᠡᠭᠰᠡᠬᠦ ᠡᠪᠡᠰᠦ ᠪᠣᠷᠳᠤᠭ᠎ᠠ ᠨᠥᠭᠡᠴᠡᠯᠡᠬᠦ ᠶᠢ ᠪᠦᠲᠤᠮᠵᠢᠲᠠᠢ ᠵᠣᠬᠢᠶᠠᠨ ᠪᠠᠶᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠬᠠᠳᠤᠯᠠᠩ ᠬᠠᠳᠤᠵᠤ ᠡᠪᠠᠰᠦ ᠨᠦᠭᠡᠴᠡᠯᠡᠬᠦ ᠠᠵᠢᠯ ᠢ ᠦᠨᠡᠨᠬᠦ ᠳᠦᠷᠢᠮᠵᠢᠭᠦᠯᠬᠦ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠰᠡᠷᠭᠦᠭᠡᠬᠦ  ᠳᠦᠷᠢᠮ︾᠂ ︽ᠰᠢᠯᠢ ᠶᠢᠨ ᠭᠤᠣᠯ ᠠᠶᠢᠮᠠᠭ ᠤᠨ ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾᠂ ︽ᠠᠪᠠᠭ᠎ᠠ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠠᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠤᠳᠤ 2023 ᠣᠨ ᠤ ᠨᠠᠮᠤᠷ ᠤᠨ ᠤᠯᠠᠷᠢᠯ ᠤᠨ ᠬᠠᠳᠤᠯᠠᠩ ᠬᠠᠳᠤᠵᠤ ᠡᠪᠡᠰᠦ ᠨᠥᠭᠡᠴᠡᠯᠡᠬᠦ ᠠᠵᠢᠯ ᠤᠨ ᠬᠠᠮᠢᠶ᠎ᠠ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠬᠠᠳᠤᠯᠠᠩ ᠬᠠᠳᠤᠬᠤ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠃ᠮᠠᠨ ᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ ᠪᠠ ᠡᠪᠡᠰᠦ ᠪᠡᠯᠴᠢᠭᠡᠷ ᠤᠨ ᠤᠷᠭᠤᠯᠲᠠ ᠵᠢᠴᠢ ᠭᠠᠯ ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ 2023 ᠣᠨ ᠤ 8 ᠰᠠᠷ᠎ᠠ ᠶᠢᠨ 20 ᠎ ᠤ ᠡᠳᠦᠷ ᠠᠴᠠ ᠡᠬᠢᠯᠡᠨ ᠪᠦᠬᠦ ᠬᠤᠰᠢᠭᠤᠨ ᠤ ᠬᠠᠳᠤᠯᠠᠩ ᠬᠠᠳᠤᠬᠤ ᠠᠵᠢᠯ ᠢ ᠡᠬᠢᠯᠡᠭᠦᠯᠬᠦ ᠪᠠᠷ ᠲᠣᠭᠲᠠᠵᠤ᠂ ᠶᠠᠮᠠᠷᠪᠠ ᠨᠢᠭᠡᠴᠡ ᠪᠠ ᠬᠤᠪᠢ ᠡᠷᠤᠬᠡ ᠬᠠᠳᠤᠯᠠᠩ ᠬᠠᠳᠤᠬᠤ ᠴᠠᠭ ᠬᠤᠭᠤᠴᠠᠭ᠎ᠠ ᠶᠢ ᠤᠷᠢᠳᠴᠢᠯᠠᠭᠤᠯᠬᠤ ᠶᠢ ᠡᠷᠡᠰ ᠴᠠᠭᠠᠵᠠᠯᠠᠨ᠎ᠠ᠃      ᠬᠤᠶᠠᠷ᠂ ᠬᠠᠳᠤᠯᠠᠩ ᠬᠠᠳᠤᠬᠤ ᠳᠦᠷᠢᠮ ᠢ ᠴᠢᠩᠭ᠎ᠠ  ᠬᠡᠷᠡᠭᠵᠢᠭᠦᠯᠬᠦ ᠬᠡᠷᠡᠭᠲᠡᠢ᠃ᠡᠯ᠎ᠡ ᠬᠠᠳᠤᠯᠠᠩ ᠬᠠᠳᠤᠵᠤ ᠨᠥᠭᠡᠴᠡᠯᠡᠬᠦ ᠨᠢᠭᠡᠴᠡ ᠪᠠ ᠬᠤᠪᠢ ᠡᠷᠤᠬᠡ ︽ᠠᠪᠠᠭ᠎ᠠ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾  ᠎ ᠳᠤ  ᠲᠣᠭᠲᠠᠭᠠᠭᠰᠠᠨ ᠬᠠᠳᠤᠯᠠᠩ ᠬᠠᠳᠤᠬᠤ ᠳᠦᠷᠢᠮ ᠶᠣᠰᠣᠭᠠᠷ ᠡᠪᠡᠰᠦ ᠬᠠᠳᠤᠵᠤ ᠨᠥᠭᠡᠴᠡᠯᠡᠬᠦ ᠬᠡᠷᠡᠭᠲᠡᠢ᠃      ︵ᠨᠢᠭᠡ︶ ᠰᠡᠯᠭᠦᠨ ᠬᠠᠳᠤᠬᠤ ᠳᠦᠷᠢᠮ᠄ ᠰᠡᠯᠭᠦᠨ ᠬᠠᠳᠤᠬᠤ ᠨᠥᠬᠦᠴᠡᠯ  ᠪᠦᠷᠢᠳᠦᠭᠦᠯᠦᠭᠰᠡᠨ ᠪᠣᠯ ᠲᠥᠷᠪᠡᠨ ᠲᠣᠭᠤᠷᠢᠭ ᠲᠠᠪᠤᠨ ᠵᠢᠯ ᠪᠤᠶᠤ ᠲᠠᠪᠤᠨ ᠲᠣᠭᠤᠷᠢᠭ ᠲᠠᠪᠤᠨ ᠵᠢᠯ ᠰᠡᠯᠭᠦᠨ ᠬᠠᠳᠤᠬᠤ ᠳᠦᠷᠢᠮ  ᠢ ᠠᠪᠴᠤ᠂ ᠵᠢᠯ ᠪᠦᠷᠢ ᠠᠳᠠᠭ ᠳᠠᠭᠠᠨ ᠨᠢᠭᠡ ᠲᠣᠭᠤᠷᠢᠭ ᠰᠤᠯᠠ ᠪᠠᠶᠢᠬᠤ ᠬᠡᠷᠡᠭᠲᠡᠢ᠃ ᠲᠦᠷ ᠴᠠᠭ ᠡᠭᠡᠯᠵᠢᠯᠡᠭᠦᠯᠦᠨ ᠬᠠᠳᠤᠵᠤ ᠳᠡᠶᠢᠯᠬᠦ ᠨᠥᠬᠦᠴᠡᠯ ᠦᠭᠡᠢ ᠪᠣᠯ᠂ 300 ᠮᠧᠲᠷ ᠬᠠᠳᠤᠬᠤ ᠪᠦᠷᠢ 20 ᠮᠧᠲᠷ ᠠᠴᠠ ᠳᠡᠭᠡᠭᠰᠢ ᠡᠪᠡᠰᠦᠨ ᠦᠷ᠎ᠡ ᠶᠢᠨ ᠪᠦᠰᠡ ᠦᠯᠡᠳᠡᠭᠡᠨ᠎ᠡ᠃      ︵ᠬᠤᠶᠠᠷ︶ ᠬᠠᠳᠤᠯᠠᠩ ᠬᠠᠳᠤᠬᠤ ᠨᠥᠬᠦᠴᠡᠯ᠄ ᠬᠠᠳᠤᠯᠠᠩ ᠤᠨ ᠲᠠᠯᠠᠪᠠᠢ ᠶᠢᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠨᠢ 30%᠎ ᠠᠴᠠ ᠳᠣᠷᠣᠭᠰᠢ ᠪᠤᠶᠤ ᠡᠪᠡᠰᠦᠨ ᠤ ᠳᠤᠮᠳᠠᠴᠢ ᠥᠨᠳᠥᠷ ᠨᠢ 15 ㎝ ᠎ ᠠᠴᠠ ᠳᠣᠣᠷ᠎ᠠ ᠪᠤᠶᠤ ᠬᠠᠭᠤᠷᠠᠢ ᠡᠪᠡᠰᠦᠨ ᠤ ᠮᠦ ᠪᠦᠷᠢ ᠶᠢᠨ ᠭᠠᠷᠤᠯᠲᠠ ᠨᠢ 30㎏᠎ ᠠᠴᠠ ᠳᠣᠷᠣᠭᠰᠢ ᠪᠠᠶᠢᠳᠠᠯ ᠎ ᠲᠠᠢ ᠬᠠᠳᠤᠯᠠᠩ ᠳᠤ ᠡᠪᠡᠰᠦ ᠬᠠᠳᠤᠵᠤ ᠪᠤᠯᠬᠤ ᠦᠭᠡᠢ᠃      ︵ᠭᠤᠷᠪᠠ︶ ᠡᠪᠡᠰᠦᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠄ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠣᠨᠴᠠᠯᠢᠭ ᠪᠠ ᠭᠠᠵᠠᠷ  ᠤᠨ ᠪᠠᠶᠢᠴᠠ ᠲᠠᠢ ᠤᠶᠠᠯᠳᠤᠭᠤᠯᠤᠨ᠂ ᠬᠠᠳᠤᠯᠠᠩ ᠤᠨ ᠭᠤᠤᠷᠰᠤ  ᠦᠯᠡᠳᠡᠭᠡᠬᠦ ᠥᠨᠳᠥᠷ ᠤᠨ ᠬᠡᠮᠵᠢᠶ᠎ᠡ ᠶᠢ 6㎝᠎ ᠠᠴᠠ ᠪᠣᠭᠤᠨᠢ ᠪᠠᠶᠢᠯᠭᠠᠵᠤ ᠪᠤᠯᠬᠤ ᠦᠭᠡᠢ᠃      ︵ᠳᠥᠷᠪᠡ︶ ᠡᠪᠡᠰᠦ ᠬᠠᠮᠤᠬᠤ ᠱᠠᠭᠠᠷᠳᠠᠯᠭ᠎ᠠ᠄ ᠨᠤᠲᠤᠭ ᠪᠡᠯᠴᠢᠭᠡᠷ ᠤᠨ ᠬᠥᠷᠥᠰᠥ ᠰᠢᠷᠣᠢ᠂ ᠤᠰᠤ ᠴᠢᠭᠢᠭ ᠢ ᠬᠠᠮᠠᠭᠠᠯᠠᠬᠤ ᠶᠢᠨ ᠲᠥᠯᠥᠭᠡ᠂ ᠡᠪᠡᠰᠦ ᠬᠠᠮᠤᠬᠤ ᠮᠠᠰᠢᠨ ᠤ ᠠᠷᠠᠭ᠎ᠠ ᠢ ᠭᠠᠵᠠᠷ ᠤᠨ ᠭᠠᠳᠠᠷᠭᠤ ᠲᠠᠢ ᠵᠡᠷᠭᠡᠴᠡᠭᠦᠯᠬᠦ ᠬᠡᠷᠡᠭᠲᠡᠢ᠂ ᠬᠡᠲᠦᠷᠡᠲᠡᠯ᠎ᠡ ᠬᠠᠮᠤᠬᠤ ᠪᠤᠶᠤ ᠬᠠᠭᠳᠠ ᠡᠪᠡᠰᠦᠨ ᠤ ᠵᠦᠢᠯ ᠢ ᠬᠠᠮᠤᠬᠤ ᠶᠢ ᠴᠢᠩᠭ᠎ᠠ ᠴᠠᠭᠠᠵᠠᠯᠠᠵᠤ᠂ ᠪᠡᠯᠴᠢᠭᠡᠷ ᠮᠠᠭᠤᠳᠠᠬᠤ ᠶᠢ ᠰᠡᠷᠭᠡᠶᠢᠯᠡᠬᠦ ᠬᠡᠷᠡᠭᠲᠡᠢ᠃      ᠭᠤᠷᠪᠠ᠂ ᠪᠣᠳᠠᠲᠠᠢ ᠱᠠᠭᠠᠷᠳᠠᠯᠭ᠎ᠠ      ︵ᠨᠢᠭᠡ︶ ᠡᠪᠡᠰᠦ ᠬᠠᠳᠤᠵᠤ ᠨᠥᠭᠡᠴᠡᠯᠡᠬᠦ ᠶᠢ ᠬᠠᠮᠢᠶᠠᠷᠤᠨ ᠬᠠᠮᠠᠭᠠᠯᠠᠬᠤ ᠠᠵᠢᠯ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠠᠳᠤᠯᠠᠩ  ᠎ ᠤᠨ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠲᠤ ᠨᠢᠭᠡᠴᠡ ᠪᠣᠯᠤᠭᠰᠠᠨ ᠤ ᠬᠤᠪᠢ ᠳᠤ᠂ ᠡᠯ᠎ᠡ ᠭᠠᠴᠠᠭᠠᠨ ᠤ ᠵᠥᠪᠯᠡᠯ ᠨᠠᠮᠤᠷ ᠤᠨ ᠤᠯᠠᠷᠢᠯ ᠤᠨ ᠬᠠᠳᠤᠯᠠᠩ  ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠡᠪᠡᠰᠦ ᠪᠣᠷᠳᠤᠭ᠎ᠠ ᠶᠢ ᠵᠥᠭᠡᠭᠡᠪᠦᠷᠢᠯᠡᠬᠦ ᠲᠡᠷᠭᠡᠨ ᠤ ᠬᠠᠮᠢᠶᠠᠷᠤᠯᠲᠠ ᠶᠢ ᠬᠠᠷᠢᠭᠤᠴᠠᠵᠤ᠂ ᠳᠠᠭᠠᠭᠠᠴᠠ ᠤᠨ ᠬᠡᠮᠵᠢᠶ᠎ᠡ ᠠᠴᠠ ᠬᠡᠲᠦᠷᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ  ᠎ ᠠᠴᠠ ᠷᠠᠳᠢᠣ᠋᠂ ᠲᠧᠯᠸᠢᠰ᠂ ᠰᠦᠯᠵᠢᠶ᠎ᠡ᠂  ᠪᠢᠴᠢᠯ ᠮᠡᠳᠡᠭᠡ᠂ ᠸᠢᠴᠠᠲ ᠵᠡᠷᠭᠡ ᠬᠠᠮ ᠵᠠᠭᠤᠴᠢᠯᠠᠭᠤᠷ ᠢ ᠠᠰᠢᠭᠯᠠᠨ᠂ ᠬᠠᠳᠤᠯᠠᠩ ᠪᠡᠯᠴᠢᠭᠡᠷ ᠢ ᠬᠠᠮᠠᠭᠠᠯᠠᠨ ᠠᠰᠢᠭᠯᠠᠬᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠬᠤ ᠬᠡᠷᠡᠭᠲᠡᠢ᠃ ᠡᠪᠡᠰᠦ ᠬᠠᠳᠤᠬᠤ ᠠᠵᠢᠯ ᠤᠨ ᠴᠠᠭ ᠲᠤ ᠮᠡᠳᠡᠭᠳᠡᠯ ᠤᠨ ᠪᠢᠴᠢᠭ ᠪᠣᠯᠣᠨ ᠲᠣᠳᠣᠷᠬᠠᠢ ᠺᠠᠷᠲ ᠲᠠᠷᠬᠠᠭᠠᠵᠤ᠂ ᠡᠪᠡᠰᠦ ᠬᠠᠳᠤᠬᠤ ᠠᠵᠤ ᠠᠬᠤᠶᠢᠯᠠᠯ ᠪᠠ ᠮᠠᠯᠵᠢᠬᠤ ᠡᠷᠥᠭᠡ ᠳᠤ ᠡᠪᠡᠰᠦ ᠬᠠᠳᠤᠬᠤ ᠠᠵᠢᠯ ᠤᠨ ᠪᠠᠷᠢᠮᠵᠢᠶ᠎ᠠ ᠪᠣᠯᠣᠨ ᠪᠣᠳᠠᠲᠠᠢ ᠱᠠᠭᠠᠷᠳᠠᠯᠭ᠎ᠠ ᠶᠢ ᠮᠡᠳᠡᠭᠳᠡᠵᠦ᠂ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠳᠤᠯᠠᠩ  ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃      ︵ᠭᠤᠷᠪᠠ︶ ᠡᠪᠡᠰᠦ ᠬᠠᠳᠤᠬᠤ ᠠᠴᠠ ᠡᠮᠦᠨ᠎ᠡ᠂ ᠡᠯ᠎ᠡ ᠡᠪᠡᠰᠦ ᠬᠠᠳᠤᠵᠤ ᠪᠠᠶᠢᠭ᠎ᠠ ᠨᠢᠭᠡᠴᠡ ︵ᠬᠤᠪᠢ ᠬᠥᠮᠥᠨ︶᠎ ᠨᠤᠭᠤᠳ ᠳᠠᠩᠰᠠᠯᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶᠠᠲᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠤᠷᠢᠳᠴᠢᠯᠠᠨ ᠮᠡᠳᠡᠭᠦᠯᠬᠦ ᠬᠡᠷᠡᠭᠲᠡᠢ᠂ ᠡᠭᠦᠨ ᠳᠤ ᠬᠠᠳᠤᠯᠠᠩ ᠤᠨ ᠣᠷᠣᠨ ᠪᠠᠶᠢᠷᠢ᠂ ᠲᠠᠯᠠᠪᠠᠶ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠂ ᠦᠯᠡᠳᠡᠭᠡᠭᠰᠡᠨ ᠡᠪᠡᠰᠦᠨ ᠦᠷ᠎ᠡ ᠶᠢᠨ ᠪᠦᠰᠡ ᠶᠢᠨ ᠥᠷᠭᠡᠨ ᠤ ᠬᠡᠮᠵᠢᠶ᠎ᠡ ᠵᠢᠴᠢ ᠡᠪᠡᠰᠦ ᠬᠠᠳᠤᠬᠤ ᠴᠠᠭ ᠵᠡᠷᠭᠡ ᠠᠭᠤᠯᠭ᠎ᠠ ᠶᠢ ᠪᠠᠭᠲᠠᠭᠠᠨ᠎ᠠ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠳᠡᠩᠰᠡᠯᠡᠨ ᠡᠮᠬᠢᠳᠬᠡᠭᠰᠡᠨ ᠤ ᠳᠠᠷᠠᠭ᠎ᠠ ᠨᠢᠭᠡᠳᠦᠯᠲᠡᠢ ᠪᠠᠷ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ  ᠳᠤ ᠮᠡᠳᠡᠭᠦᠯᠵᠦ ᠳᠠᠩᠰᠠᠯᠠᠭᠤᠯᠤᠨ᠎ᠠ᠃      ︵ᠳᠥᠷᠪᠡ︶ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠳᠤᠯᠠᠩ ᠬᠠᠳᠤᠬᠤ ᠠᠵᠢᠯ ᠤᠨ ᠶᠠᠪᠤᠴᠠ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠯᠠᠩᠭᠤᠶ᠎ᠠ ᠲᠦᠷᠢᠶᠡᠰᠦᠯᠡᠭᠰᠡᠨ ᠬᠠᠳᠤᠯᠠᠩ ᠤᠨ ᠲᠤᠬᠠᠢ ᠬᠠᠮᠢᠶᠠᠷᠤᠯᠲᠠ ᠶᠢ ᠨᠡᠩ ᠴᠢᠩᠭᠠᠳᠬᠠᠵᠤ᠂ ᠲᠤᠰᠬᠠᠢ ᠮᠡᠷᠭᠡᠵᠢᠯ ᠤᠨ ᠡᠪᠡᠰᠦ ᠬᠠᠳᠤᠬᠤ ᠠᠩᠭᠢ᠂ ᠡᠪᠡᠰᠦ ᠬᠠᠳᠤᠬᠤ ᠺᠣᠮᠫᠠᠨᠢ ᠵᠡᠷᠭᠡ ᠬᠤᠳᠠᠯᠳᠤᠭᠠᠨ ᠤ ᠡᠪᠡᠰᠦ ᠬᠠᠳᠤᠬᠤ ᠠᠵᠢᠯᠯᠠᠭ᠎ᠠ ᠳᠤ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠲᠦ ᠡᠷᠲᠡ ᠡᠪᠡᠰᠦ ᠬᠠᠳᠤᠬᠤ᠂ ᠬᠡᠲᠦ ᠳᠣᠣᠷ᠎ᠠ ᠭᠤᠤᠷᠰᠤ ᠦᠯᠡᠳᠡᠭᠡᠬᠦ ᠪᠠ ᠬᠡᠲᠦ ᠬᠠᠳᠤᠬᠤ ᠵᠡᠷᠭᠡ ᠲᠠᠯᠬᠢᠭᠳᠠᠯ ᠤᠨ ᠶᠢᠨ ᠬᠡᠯᠪᠡᠷᠢ ᠶᠢᠨ ᠠᠵᠢᠯᠯᠠᠭ᠎ᠠ ᠶᠢ ᠡᠷᠡᠰ ᠵᠣᠭᠰᠤᠭᠠᠬᠤ ᠬᠡᠷᠡᠭᠲᠡᠢ᠃ ᠬᠠᠳᠤᠯᠠᠩ ᠬᠠᠳᠤᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ᠂ ᠠᠰᠢᠭᠯᠠᠬᠤ ᠠᠷᠭ᠎ᠠ ᠮᠠᠶ᠋ᠢᠭ ᠨᠢ ᠵᠦᠢ ᠵᠣᠬᠢᠰ ᠦᠭᠡᠢ ᠭᠠᠵᠠᠷ ᠣᠷᠣᠨ ᠳᠤ ᠵᠠᠷᠯᠠᠨ ᠮᠡᠳᠡᠭᠳᠡᠵᠦ᠂ ᠬᠠᠳᠤᠯᠠᠩ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠎ ᠶᠢ ᠦᠨᠳᠦᠰᠦᠯᠡᠨ ᠰᠢᠢᠳᠬᠡᠨ᠎ᠡ᠃      ︵ᠲᠠᠪᠤ︶ ᠬᠠᠳᠤᠯᠠᠩ  ᠤᠨ ᠲᠠᠯᠠᠪᠠᠢ  ᠳᠤ ᠣᠷᠣᠬᠤ ᠲᠡᠭᠡᠭᠡᠪᠦᠷᠢ ᠶᠢᠨ ᠲᠡᠷᠭᠡ ᠬᠥᠰᠬᠡ ᠶᠢ ᠲᠣᠭᠲᠠᠭᠰᠠᠨ ᠵᠠᠮ ᠱᠤᠭᠤᠮ ᠢᠶᠠᠷ ᠶᠠᠪᠤᠭᠤᠯᠵᠤ᠂ 20 ᠲᠣᠨ ᠠᠴᠠ ᠳᠡᠭᠡᠭᠰᠢᠬᠢ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠶᠢ ᠬᠠᠳᠤᠯᠠᠩ ᠶᠢᠨ ᠲᠠᠯᠠᠪᠠᠢ ᠳᠤ  ᠣᠷᠣᠬᠤ ᠶᠢ ᠴᠠᠭᠠᠵᠠᠯᠠᠨ᠎ᠠ᠃      ︵ᠵᠢᠷᠭᠤᠭ᠎ᠠ︶ ᠡᠯ᠎ᠡ ᠰᠤᠮᠤ ᠪᠠᠯᠭᠠᠰᠤᠨ ᠤ ᠬᠠᠷᠢᠶ᠎ᠠ ᠲᠣᠭᠤᠷᠢᠭ ᠤᠨ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠣᠰ ᠬᠤᠰᠢᠭᠤᠨ ᠤ  ᠬᠡᠪᠴᠢᠶᠡᠨ ᠳᠤ  ᠲᠣᠬᠢᠷᠠᠭᠤᠯᠤᠨ ᠬᠤᠳᠠᠯᠳᠤᠨ᠎ᠠ᠃      ︵ᠲᠤᠯᠤᠭ᠎ᠠ︶ ᠡᠪᠡᠰᠦ ᠬᠠᠳᠤᠬᠤ ᠬᠤᠭᠤᠴᠠᠭᠠᠨ ᠳᠤ ᠡᠪᠡᠰᠦ ᠬᠠᠳᠤᠬᠤ ᠠᠵᠢᠯ ᠬᠢᠬᠦ ᠳᠤ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠠᠶᠤᠯᠭᠦᠢ ᠦᠢᠯᠡᠳᠪᠦᠷᠢᠯᠡᠯ ᠤᠨ ᠳᠦᠷᠢᠮ︾᠎ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠰᠠᠯᠠᠭ᠎ᠠ ᠮᠥᠴᠢᠷ ᠭᠠᠯ ᠰᠡᠷᠭᠡᠶᠢᠯᠡᠬᠦ ᠤᠬᠠᠭᠤᠯᠭ᠎ᠠ ᠪᠠᠶᠢᠴᠠᠭᠠᠯᠲᠠ ᠪᠠᠨ ᠴᠢᠩᠭᠠᠳᠬᠠᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠯᠳᠠ ᠬᠡᠮ ᠢ ᠣᠯᠵᠤ ᠮᠡᠳᠡᠪᠡᠯ ᠳᠠᠷᠤᠶᠢᠬᠠᠨ ᠰᠢᠢᠳᠪᠦᠷᠢᠯᠡᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠢ᠃ ᠡᠪᠡᠰᠦ ᠬᠠᠳᠤᠬᠤ ᠬᠤᠭᠤᠴᠠᠭᠠᠨ ᠳᠤ᠂ ᠬᠡᠭᠡᠷ᠎ᠡ ᠭᠠᠳᠠᠨ᠎ᠠ ᠠᠵᠢᠯᠯᠠᠬᠤ ᠨᠢᠭᠡᠴᠡ ᠪᠤᠶᠤ ᠬᠤᠪᠢ ᠬᠥᠮᠥᠨ ᠨᠢ ᠰᠤᠮᠤ ᠪᠠᠯᠭᠠᠰᠤ ᠲᠠᠢ ᠭᠠᠯ ᠰᠡᠷᠭᠡᠶᠢᠯᠡᠬᠦ ᠬᠠᠷᠢᠭᠤᠴᠠᠯᠭᠠᠲᠤ ᠪᠢᠴᠢᠭ ᠢ ᠲᠣᠭᠲᠠᠵᠤ᠂ ᠡᠪᠡᠰᠦ ᠬᠠᠳᠤᠬᠤ ᠬᠤᠭᠤᠴᠠᠭᠠᠨ ᠳᠠᠬᠢ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠨᠠᠢᠮᠠ︶ ᠬᠤᠭ ᠨᠣᠪᠰᠢ ᠶᠢ ᠵᠦᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠂ ᠬᠠᠳᠤᠯᠠᠩ ᠳᠤ ᠡᠯ᠎ᠡ ᠵᠦᠢᠯ ᠎ ᠤᠨ ᠬᠤᠭ ᠨᠣᠪᠰᠢ ᠶᠢ ᠳᠤᠷ᠎ᠠ ᠪᠠᠷ  ᠢᠶᠠᠨ ᠬᠠᠶᠠᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ᠂ ᠠᠮᠢᠳᠤᠷᠠᠯ ᠤᠨ ᠬᠤᠭ ᠨᠣᠪᠰᠢ ᠶᠢ ᠪᠣᠬᠢᠷᠳᠤᠯ ᠦᠭᠡᠢ ᠰᠢᠢᠳᠪᠦᠷᠢᠯᠡᠬᠦ ᠬᠡᠷᠡᠭᠲᠡᠢ᠃      ᠳᠥᠷᠪᠡ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ      ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 2022745      ᠪᠡᠯᠭᠦᠳᠡᠢ ᠪᠠᠯᠭᠠᠰᠤ᠄ 2026683      ᠬᠤᠩᠭᠤᠷᠭᠤᠣᠯ ᠪᠠᠯᠭᠠᠰᠤ᠄ 2402203      ᠴᠠᠭᠠᠨᠨᠠᠭᠤᠷ ᠪᠠᠯᠭᠠᠰᠤ᠄ 2457118      ᠨᠠᠷᠠᠨᠪᠤᠯᠠᠭ ᠰᠤᠮᠤ᠄ 2301368      ᠶᠡᠬᠡᠭᠤᠤᠯ ᠰᠤᠮᠤ᠄ 2317120      ᠵᠢᠷᠭᠠᠯᠠᠩᠲᠤ ᠰᠤᠮᠤ᠄ 2300653      ᠪᠠᠶᠠᠨᠲᠤᠭ ᠰᠤᠮᠤ᠄ 2300889
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号