ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ | ᠬᠥᠭᠵᠢᠭᠦᠯᠬᠦ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ | ᠤᠬᠠᠮᠰᠠᠷ ᠢ ᠦᠨᠡᠨᠬᠦ ᠲᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠨ᠂ | ᠡᠨᠡ ᠡᠪᠦᠯ᠂ ᠢᠷᠡᠬᠦ ᠬᠠᠪᠤᠷ ᠤᠨ ᠮᠠᠯ ᠤᠨ ᠮᠡᠨᠳᠤ ᠤᠨᠳᠤᠷᠤᠯᠲᠠ ᠵᠢᠴᠢ 2024 ᠣᠨ ᠤ ᠬᠠᠪᠤᠷ ᠤᠨ ᠤᠯᠠᠷᠢᠯ ᠤᠨ | ᠨᠣᠭᠤᠭ᠎ᠠ ᠭᠠᠷᠬᠤ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠳᠤ ᠬᠡᠷᠡᠭᠰᠡᠬᠦ ᠡᠪᠡᠰᠦ ᠪᠣᠷᠳᠤᠭ᠎ᠠ ᠨᠥᠭᠡᠴᠡᠯᠡᠬᠦ ᠶᠢ | ᠪᠦᠲᠤᠮᠵᠢᠲᠠᠢ ᠵᠣᠬᠢᠶᠠᠨ ᠪᠠᠶᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠪᠠᠨ ᠤᠯᠠᠮ | ᠨᠢᠭᠡ ᠠᠯᠬᠤᠮ ᠲᠡᠭᠡᠭᠰᠢᠯᠡᠭᠦᠯᠵᠦ᠂ ᠬᠠᠳᠤᠯᠠᠩ ᠬᠠᠳᠤᠵᠤ ᠡᠪᠠᠰᠦ ᠨᠦᠭᠡᠴᠡᠯᠡᠬᠦ ᠠᠵᠢᠯ ᠢ ᠦᠨᠡᠨᠬᠦ | ᠳᠦᠷᠢᠮᠵᠢᠭᠦᠯᠬᠦ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠰᠡᠷᠭᠦᠭᠡᠬᠦ ᠳᠦᠷᠢᠮ︾᠂ ︽ᠰᠢᠯᠢ ᠶᠢᠨ ᠭᠤᠣᠯ | ᠠᠶᠢᠮᠠᠭ ᠤᠨ ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ | ᠂ ︽ᠠᠪᠠᠭ᠎ᠠ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ | ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠠᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠤᠳᠤ 2023 ᠣᠨ ᠤ ᠨᠠᠮᠤᠷ ᠤᠨ ᠤᠯᠠᠷᠢᠯ ᠤᠨ | ᠬᠠᠳᠤᠯᠠᠩ ᠬᠠᠳᠤᠵᠤ ᠡᠪᠡᠰᠦ ᠨᠥᠭᠡᠴᠡᠯᠡᠬᠦ ᠠᠵᠢᠯ ᠤᠨ ᠬᠠᠮᠢᠶ᠎ᠠ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠬᠠᠳᠤᠯᠠᠩ ᠬᠠᠳᠤᠬᠤ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠃ | ᠮᠠᠨ ᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ ᠪᠠ ᠡᠪᠡᠰᠦ ᠪᠡᠯᠴᠢᠭᠡᠷ ᠤᠨ ᠤᠷᠭᠤᠯᠲᠠ ᠵᠢᠴᠢ ᠭᠠᠯ | ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ 2023 ᠣᠨ ᠤ 8 ᠰᠠᠷ᠎ᠠ ᠶᠢᠨ 20 ᠤ ᠡᠳᠦᠷ ᠠᠴᠠ ᠡᠬᠢᠯᠡᠨ ᠪᠦᠬᠦ | ᠬᠤᠰᠢᠭᠤᠨ ᠤ ᠬᠠᠳᠤᠯᠠᠩ ᠬᠠᠳᠤᠬᠤ ᠠᠵᠢᠯ ᠢ ᠡᠬᠢᠯᠡᠭᠦᠯᠬᠦ ᠪᠠᠷ ᠲᠣᠭᠲᠠᠵᠤ᠂ ᠶᠠᠮᠠᠷᠪᠠ ᠨᠢᠭᠡᠴᠡ ᠪᠠ ᠬᠤᠪᠢ ᠡᠷᠤᠬᠡ | ᠬᠠᠳᠤᠯᠠᠩ ᠬᠠᠳᠤᠬᠤ ᠴᠠᠭ ᠬᠤᠭᠤᠴᠠᠭ᠎ᠠ ᠶᠢ ᠤᠷᠢᠳᠴᠢᠯᠠᠭᠤᠯᠬᠤ ᠶᠢ ᠡᠷᠡᠰ ᠴᠠᠭᠠᠵᠠᠯᠠᠨ᠎ᠠ᠃ | ᠬᠤᠶᠠᠷ᠂ ᠬᠠᠳᠤᠯᠠᠩ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠡᠯ᠎ᠡ ᠬᠠᠳᠤᠯᠠᠩ ᠬᠠᠳᠤᠵᠤ ᠨᠥᠭᠡᠴᠡᠯᠡᠬᠦ ᠨᠢᠭᠡᠴᠡ ᠪᠠ ᠬᠤᠪᠢ ᠡᠷᠤᠬᠡ ︽ᠠᠪᠠᠭ᠎ᠠ ᠬᠤᠰᠢᠭᠤᠨ ᠤ ᠪᠠᠶᠢᠭᠠᠯᠢᠯᠢᠭ | ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠬᠠᠳᠤᠯᠠᠩ ᠬᠠᠳᠤᠬᠤ ᠳᠦᠷᠢᠮ ᠶᠣᠰᠣᠭᠠᠷ | ᠡᠪᠡᠰᠦ ᠬᠠᠳᠤᠵᠤ ᠨᠥᠭᠡᠴᠡᠯᠡᠬᠦ ᠬᠡᠷᠡᠭᠲᠡᠢ᠃ | ︵ᠨᠢᠭᠡ︶ ᠰᠡᠯᠭᠦᠨ ᠬᠠᠳᠤᠬᠤ ᠳᠦᠷᠢᠮ᠄ ᠰᠡᠯᠭᠦᠨ ᠬᠠᠳᠤᠬᠤ ᠨᠥᠬᠦᠴᠡᠯ ᠪᠦᠷᠢᠳᠦᠭᠦᠯᠦᠭᠰᠡᠨ ᠪᠣᠯ | ᠲᠥᠷᠪᠡᠨ ᠲᠣᠭᠤᠷᠢᠭ ᠲᠠᠪᠤᠨ ᠵᠢᠯ ᠪᠤᠶᠤ ᠲᠠᠪᠤᠨ ᠲᠣᠭᠤᠷᠢᠭ ᠲᠠᠪᠤᠨ ᠵᠢᠯ ᠰᠡᠯᠭᠦᠨ ᠬᠠᠳᠤᠬᠤ ᠳᠦᠷᠢᠮ ᠢ ᠠᠪᠴᠤ᠂ | ᠵᠢᠯ ᠪᠦᠷᠢ ᠠᠳᠠᠭ ᠳᠠᠭᠠᠨ ᠨᠢᠭᠡ ᠲᠣᠭᠤᠷᠢᠭ ᠰᠤᠯᠠ ᠪᠠᠶᠢᠬᠤ ᠬᠡᠷᠡᠭᠲᠡᠢ᠃ ᠲᠦᠷ ᠴᠠᠭ ᠡᠭᠡᠯᠵᠢᠯᠡᠭᠦᠯᠦᠨ ᠬᠠᠳᠤᠵᠤ | ᠳᠡᠶᠢᠯᠬᠦ ᠨᠥᠬᠦᠴᠡᠯ ᠦᠭᠡᠢ ᠪᠣᠯ᠂ 300 ᠮᠧᠲᠷ ᠬᠠᠳᠤᠬᠤ ᠪᠦᠷᠢ 20 ᠮᠧᠲᠷ ᠠᠴᠠ ᠳᠡᠭᠡᠭᠰᠢ ᠡᠪᠡᠰᠦᠨ | ᠦᠷ᠎ᠡ ᠶᠢᠨ ᠪᠦᠰᠡ ᠦᠯᠡᠳᠡᠭᠡᠨ᠎ᠡ᠃ | ︵ᠬᠤᠶᠠᠷ︶ ᠬᠠᠳᠤᠯᠠᠩ ᠬᠠᠳᠤᠬᠤ ᠨᠥᠬᠦᠴᠡᠯ᠄ ᠬᠠᠳᠤᠯᠠᠩ ᠤᠨ ᠲᠠᠯᠠᠪᠠᠢ ᠶᠢᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠨᠢ 30% ᠠᠴᠠ ᠳᠣᠷᠣᠭᠰᠢ ᠪᠤᠶᠤ ᠡᠪᠡᠰᠦᠨ ᠤ ᠳᠤᠮᠳᠠᠴᠢ ᠥᠨᠳᠥᠷ ᠨᠢ 15 ㎝ | ᠠᠴᠠ ᠳᠣᠣᠷ᠎ᠠ ᠪᠤᠶᠤ ᠬᠠᠭᠤᠷᠠᠢ ᠡᠪᠡᠰᠦᠨ ᠤ ᠮᠦ ᠪᠦᠷᠢ ᠶᠢᠨ ᠭᠠᠷᠤᠯᠲᠠ ᠨᠢ 30㎏ ᠠᠴᠠ ᠳᠣᠷᠣᠭᠰᠢ ᠪᠠᠶᠢᠳᠠᠯ | ᠲᠠᠢ ᠬᠠᠳᠤᠯᠠᠩ ᠳᠤ ᠡᠪᠡᠰᠦ ᠬᠠᠳᠤᠵᠤ ᠪᠤᠯᠬᠤ ᠦᠭᠡᠢ᠃ | ︵ᠭᠤᠷᠪᠠ︶ ᠡᠪᠡᠰᠦᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠄ ᠮᠠᠨ ᠤ ᠬᠤᠰᠢᠭᠤᠨ ᠤ ᠨᠤᠲᠤᠭ | ᠪᠡᠯᠴᠢᠭᠡᠷ ᠤᠨ ᠣᠨᠴᠠᠯᠢᠭ ᠪᠠ ᠭᠠᠵᠠᠷ ᠤᠨ ᠪᠠᠶᠢᠴᠠ ᠲᠠᠢ ᠤᠶᠠᠯᠳᠤᠭᠤᠯᠤᠨ᠂ ᠬᠠᠳᠤᠯᠠᠩ ᠤᠨ ᠭᠤᠤᠷᠰᠤ | ᠦᠯᠡᠳᠡᠭᠡᠬᠦ ᠥᠨᠳᠥᠷ ᠤᠨ ᠬᠡᠮᠵᠢᠶ᠎ᠡ ᠶᠢ 6㎝ ᠠᠴᠠ ᠪᠣᠭᠤᠨᠢ ᠪᠠᠶᠢᠯᠭᠠᠵᠤ ᠪᠤᠯᠬᠤ ᠦᠭᠡᠢ᠃ | ︵ᠳᠥᠷᠪᠡ︶ ᠡᠪᠡᠰᠦ ᠬᠠᠮᠤᠬᠤ ᠱᠠᠭᠠᠷᠳᠠᠯᠭ᠎ᠠ᠄ ᠨᠤᠲᠤᠭ ᠪᠡᠯᠴᠢᠭᠡᠷ ᠤᠨ ᠬᠥᠷᠥᠰᠥ ᠰᠢᠷᠣᠢ᠂ ᠤᠰᠤ | ᠴᠢᠭᠢᠭ ᠢ ᠬᠠᠮᠠᠭᠠᠯᠠᠬᠤ ᠶᠢᠨ ᠲᠥᠯᠥᠭᠡ᠂ ᠡᠪᠡᠰᠦ ᠬᠠᠮᠤᠬᠤ ᠮᠠᠰᠢᠨ ᠤ ᠠᠷᠠᠭ᠎ᠠ ᠢ ᠭᠠᠵᠠᠷ ᠤᠨ ᠭᠠᠳᠠᠷᠭᠤ ᠲᠠᠢ | ᠵᠡᠷᠭᠡᠴᠡᠭᠦᠯᠬᠦ ᠬᠡᠷᠡᠭᠲᠡᠢ᠂ ᠬᠡᠲᠦᠷᠡᠲᠡᠯ᠎ᠡ ᠬᠠᠮᠤᠬᠤ ᠪᠤᠶᠤ ᠬᠠᠭᠳᠠ ᠡᠪᠡᠰᠦᠨ ᠤ ᠵᠦᠢᠯ ᠢ ᠬᠠᠮᠤᠬᠤ ᠶᠢ ᠴᠢᠩᠭ᠎ᠠ | ᠴᠠᠭᠠᠵᠠᠯᠠᠵᠤ᠂ ᠪᠡᠯᠴᠢᠭᠡᠷ ᠮᠠᠭᠤᠳᠠᠬᠤ ᠶᠢ ᠰᠡᠷᠭᠡᠶᠢᠯᠡᠬᠦ ᠬᠡᠷᠡᠭᠲᠡᠢ᠃ | ᠭᠤᠷᠪᠠ᠂ ᠪᠣᠳᠠᠲᠠᠢ ᠱᠠᠭᠠᠷᠳᠠᠯᠭ᠎ᠠ | ︵ᠨᠢᠭᠡ︶ ᠡᠪᠡᠰᠦ ᠬᠠᠳᠤᠵᠤ ᠨᠥᠭᠡᠴᠡᠯᠡᠬᠦ ᠶᠢ ᠬᠠᠮᠢᠶᠠᠷᠤᠨ ᠬᠠᠮᠠᠭᠠᠯᠠᠬᠤ ᠠᠵᠢᠯ ᠳᠤ ᠬᠠᠷᠢᠶ᠎ᠠ ᠭᠠᠵᠠᠷ ᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠠᠳᠤᠯᠠᠩ ᠤᠨ | ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠲᠤ ᠨᠢᠭᠡᠴᠡ ᠪᠣᠯᠤᠭᠰᠠᠨ ᠤ ᠬᠤᠪᠢ ᠳᠤ᠂ ᠡᠯ᠎ᠡ ᠭᠠᠴᠠᠭᠠᠨ ᠤ ᠵᠥᠪᠯᠡᠯ | ᠨᠠᠮᠤᠷ ᠤᠨ ᠤᠯᠠᠷᠢᠯ ᠤᠨ ᠬᠠᠳᠤᠯᠠᠩ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ᠂ | ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ | ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠡᠪᠡᠰᠦ ᠪᠣᠷᠳᠤᠭ᠎ᠠ ᠶᠢ | ᠵᠥᠭᠡᠭᠡᠪᠦᠷᠢᠯᠡᠬᠦ ᠲᠡᠷᠭᠡᠨ ᠤ ᠬᠠᠮᠢᠶᠠᠷᠤᠯᠲᠠ ᠶᠢ ᠬᠠᠷᠢᠭᠤᠴᠠᠵᠤ᠂ ᠳᠠᠭᠠᠭᠠᠴᠠ ᠤᠨ ᠬᠡᠮᠵᠢᠶ᠎ᠡ ᠠᠴᠠ ᠬᠡᠲᠦᠷᠡᠬᠦ ᠶᠢ | ᠴᠢᠩᠭ᠎ᠠ ᠴᠠᠭᠠᠵᠠᠯᠠᠨ᠎ᠠ᠃ | ︵ᠬᠤᠶᠠᠷ︶ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠷᠠᠳᠢᠣ᠋᠂ ᠲᠧᠯᠸᠢᠰ᠂ | ᠰᠦᠯᠵᠢᠶ᠎ᠡ᠂ ᠪᠢᠴᠢᠯ ᠮᠡᠳᠡᠭᠡ᠂ ᠸᠢᠴᠠᠲ ᠵᠡᠷᠭᠡ ᠬᠠᠮ ᠵᠠᠭᠤᠴᠢᠯᠠᠭᠤᠷ ᠢ ᠠᠰᠢᠭᠯᠠᠨ᠂ ᠬᠠᠳᠤᠯᠠᠩ ᠪᠡᠯᠴᠢᠭᠡᠷ ᠢ | ᠬᠠᠮᠠᠭᠠᠯᠠᠨ ᠠᠰᠢᠭᠯᠠᠬᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠬᠤ ᠬᠡᠷᠡᠭᠲᠡᠢ᠃ ᠡᠪᠡᠰᠦ ᠬᠠᠳᠤᠬᠤ ᠠᠵᠢᠯ ᠤᠨ ᠴᠠᠭ ᠲᠤ ᠮᠡᠳᠡᠭᠳᠡᠯ ᠤᠨ | ᠪᠢᠴᠢᠭ ᠪᠣᠯᠣᠨ ᠲᠣᠳᠣᠷᠬᠠᠢ ᠺᠠᠷᠲ ᠲᠠᠷᠬᠠᠭᠠᠵᠤ᠂ ᠡᠪᠡᠰᠦ ᠬᠠᠳᠤᠬᠤ ᠠᠵᠤ ᠠᠬᠤᠶᠢᠯᠠᠯ ᠪᠠ ᠮᠠᠯᠵᠢᠬᠤ ᠡᠷᠥᠭᠡ ᠳᠤ | ᠡᠪᠡᠰᠦ ᠬᠠᠳᠤᠬᠤ ᠠᠵᠢᠯ ᠤᠨ ᠪᠠᠷᠢᠮᠵᠢᠶ᠎ᠠ ᠪᠣᠯᠣᠨ ᠪᠣᠳᠠᠲᠠᠢ ᠱᠠᠭᠠᠷᠳᠠᠯᠭ᠎ᠠ ᠶᠢ ᠮᠡᠳᠡᠭᠳᠡᠵᠦ᠂ ᠠᠰᠢᠭᠯᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠳᠤᠯᠠᠩ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ︵ᠭᠤᠷᠪᠠ︶ ᠡᠪᠡᠰᠦ ᠬᠠᠳᠤᠬᠤ ᠠᠴᠠ ᠡᠮᠦᠨ᠎ᠡ᠂ ᠡᠯ᠎ᠡ ᠡᠪᠡᠰᠦ ᠬᠠᠳᠤᠵᠤ ᠪᠠᠶᠢᠭ᠎ᠠ ᠨᠢᠭᠡᠴᠡ ︵ᠬᠤᠪᠢ | ᠬᠥᠮᠥᠨ︶ ᠨᠤᠭᠤᠳ ᠳᠠᠩᠰᠠᠯᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶᠠᠲᠤ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠳᠤ ᠤᠷᠢᠳᠴᠢᠯᠠᠨ ᠮᠡᠳᠡᠭᠦᠯᠬᠦ ᠬᠡᠷᠡᠭᠲᠡᠢ᠂ ᠡᠭᠦᠨ ᠳᠤ ᠬᠠᠳᠤᠯᠠᠩ ᠤᠨ ᠣᠷᠣᠨ | ᠪᠠᠶᠢᠷᠢ᠂ ᠲᠠᠯᠠᠪᠠᠶ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠂ ᠦᠯᠡᠳᠡᠭᠡᠭᠰᠡᠨ ᠡᠪᠡᠰᠦᠨ ᠦᠷ᠎ᠡ ᠶᠢᠨ | ᠪᠦᠰᠡ ᠶᠢᠨ ᠥᠷᠭᠡᠨ ᠤ ᠬᠡᠮᠵᠢᠶ᠎ᠡ ᠵᠢᠴᠢ ᠡᠪᠡᠰᠦ ᠬᠠᠳᠤᠬᠤ ᠴᠠᠭ ᠵᠡᠷᠭᠡ ᠠᠭᠤᠯᠭ᠎ᠠ ᠶᠢ ᠪᠠᠭᠲᠠᠭᠠᠨ᠎ᠠ᠂ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠳᠡᠩᠰᠡᠯᠡᠨ ᠡᠮᠬᠢᠳᠬᠡᠭᠰᠡᠨ ᠤ ᠳᠠᠷᠠᠭ᠎ᠠ ᠨᠢᠭᠡᠳᠦᠯᠲᠡᠢ ᠪᠠᠷ | ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃ | ︵ᠳᠥᠷᠪᠡ︶ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠳᠤᠯᠠᠩ ᠬᠠᠳᠤᠬᠤ | ᠠᠵᠢᠯ ᠤᠨ ᠶᠠᠪᠤᠴᠠ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠢᠯᠠᠩᠭᠤᠶ᠎ᠠ ᠲᠦᠷᠢᠶᠡᠰᠦᠯᠡᠭᠰᠡᠨ ᠬᠠᠳᠤᠯᠠᠩ ᠤᠨ ᠲᠤᠬᠠᠢ ᠬᠠᠮᠢᠶᠠᠷᠤᠯᠲᠠ ᠶᠢ ᠨᠡᠩ ᠴᠢᠩᠭᠠᠳᠬᠠᠵᠤ᠂ ᠲᠤᠰᠬᠠᠢ | ᠮᠡᠷᠭᠡᠵᠢᠯ ᠤᠨ ᠡᠪᠡᠰᠦ ᠬᠠᠳᠤᠬᠤ ᠠᠩᠭᠢ᠂ ᠡᠪᠡᠰᠦ ᠬᠠᠳᠤᠬᠤ ᠺᠣᠮᠫᠠᠨᠢ ᠵᠡᠷᠭᠡ ᠬᠤᠳᠠᠯᠳᠤᠭᠠᠨ ᠤ ᠡᠪᠡᠰᠦ ᠬᠠᠳᠤᠬᠤ | ᠠᠵᠢᠯᠯᠠᠭ᠎ᠠ ᠳᠤ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠲᠦ ᠡᠷᠲᠡ ᠡᠪᠡᠰᠦ ᠬᠠᠳᠤᠬᠤ᠂ | ᠬᠡᠲᠦ ᠳᠣᠣᠷ᠎ᠠ ᠭᠤᠤᠷᠰᠤ ᠦᠯᠡᠳᠡᠭᠡᠬᠦ ᠪᠠ ᠬᠡᠲᠦ ᠬᠠᠳᠤᠬᠤ ᠵᠡᠷᠭᠡ ᠲᠠᠯᠬᠢᠭᠳᠠᠯ ᠤᠨ ᠶᠢᠨ ᠬᠡᠯᠪᠡᠷᠢ ᠶᠢᠨ | ᠠᠵᠢᠯᠯᠠᠭ᠎ᠠ ᠶᠢ ᠡᠷᠡᠰ ᠵᠣᠭᠰᠤᠭᠠᠬᠤ ᠬᠡᠷᠡᠭᠲᠡᠢ᠃ ᠬᠠᠳᠤᠯᠠᠩ ᠬᠠᠳᠤᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ | ᠦᠭᠡᠢ᠂ ᠠᠰᠢᠭᠯᠠᠬᠤ ᠠᠷᠭ᠎ᠠ ᠮᠠᠶ᠋ᠢᠭ ᠨᠢ ᠵᠦᠢ ᠵᠣᠬᠢᠰ ᠦᠭᠡᠢ ᠭᠠᠵᠠᠷ ᠣᠷᠣᠨ ᠳᠤ ᠵᠠᠷᠯᠠᠨ ᠮᠡᠳᠡᠭᠳᠡᠵᠦ᠂ ᠬᠠᠳᠤᠯᠠᠩ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢ ᠦᠨᠳᠦᠰᠦᠯᠡᠨ ᠰᠢᠢᠳᠬᠡᠨ᠎ᠡ᠃ | ︵ᠲᠠᠪᠤ︶ ᠬᠠᠳᠤᠯᠠᠩ ᠤᠨ ᠲᠠᠯᠠᠪᠠᠢ ᠳᠤ ᠣᠷᠣᠬᠤ ᠲᠡᠭᠡᠭᠡᠪᠦᠷᠢ ᠶᠢᠨ ᠲᠡᠷᠭᠡ ᠬᠥᠰᠬᠡ ᠶᠢ ᠲᠣᠭᠲᠠᠭᠰᠠᠨ ᠵᠠᠮ | ᠱᠤᠭᠤᠮ ᠢᠶᠠᠷ ᠶᠠᠪᠤᠭᠤᠯᠵᠤ᠂ 20 ᠲᠣᠨ ᠠᠴᠠ ᠳᠡᠭᠡᠭᠰᠢᠬᠢ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠶᠢ | ᠬᠠᠳᠤᠯᠠᠩ ᠶᠢᠨ ᠲᠠᠯᠠᠪᠠᠢ ᠳᠤ ᠣᠷᠣᠬᠤ ᠶᠢ ᠴᠠᠭᠠᠵᠠᠯᠠᠨ᠎ᠠ᠃ | ︵ᠵᠢᠷᠭᠤᠭ᠎ᠠ︶ ᠡᠯ᠎ᠡ ᠰᠤᠮᠤ ᠪᠠᠯᠭᠠᠰᠤᠨ ᠤ ᠬᠠᠷᠢᠶ᠎ᠠ ᠲᠣᠭᠤᠷᠢᠭ ᠤᠨ ᠡᠪᠡᠰᠦ ᠪᠣᠷᠳᠤᠭ᠎ᠠ ᠶᠢᠨ | ᠨᠥᠭᠡᠴᠡᠯᠡᠯᠲᠡ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠣᠰ ᠬᠤᠰᠢᠭᠤᠨ ᠤ ᠬᠡᠪᠴᠢᠶᠡᠨ ᠳᠤ ᠲᠣᠬᠢᠷᠠᠭᠤᠯᠤᠨ | ᠬᠤᠳᠠᠯᠳᠤᠨ᠎ᠠ᠃ | ︵ᠲᠤᠯᠤᠭ᠎ᠠ︶ ᠡᠪᠡᠰᠦ ᠬᠠᠳᠤᠬᠤ ᠬᠤᠭᠤᠴᠠᠭᠠᠨ ᠳᠤ ᠡᠪᠡᠰᠦ ᠬᠠᠳᠤᠬᠤ ᠠᠵᠢᠯ ᠬᠢᠬᠦ ᠳᠤ ᠡᠷᠬᠡᠪᠰᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠳᠦᠷᠢᠮ︾ ︽ᠠᠶᠤᠯᠭᠦᠢ ᠦᠢᠯᠡᠳᠪᠦᠷᠢᠯᠡᠯ ᠤᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ | ᠵᠢᠷᠤᠮᠯᠠᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠠᠶᠤᠯᠭᠦᠢ ᠦᠢᠯᠡᠳᠪᠦᠷᠢᠯᠡᠯ ᠪᠠ ᠭᠠᠯ | ᠰᠡᠷᠭᠡᠶᠢᠯᠡᠬᠦ ᠰᠠᠯᠠᠭ᠎ᠠ ᠮᠥᠴᠢᠷ ᠭᠠᠯ ᠰᠡᠷᠭᠡᠶᠢᠯᠡᠬᠦ ᠤᠬᠠᠭᠤᠯᠭ᠎ᠠ ᠪᠠᠶᠢᠴᠠᠭᠠᠯᠲᠠ ᠪᠠᠨ ᠴᠢᠩᠭᠠᠳᠬᠠᠵᠤ᠂ ᠭᠠᠯ ᠤᠨ | ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠯᠳᠠ ᠬᠡᠮ ᠢ ᠣᠯᠵᠤ ᠮᠡᠳᠡᠪᠡᠯ ᠳᠠᠷᠤᠶᠢᠬᠠᠨ | ᠰᠢᠢᠳᠪᠦᠷᠢᠯᠡᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠢ᠃ ᠡᠪᠡᠰᠦ ᠬᠠᠳᠤᠬᠤ ᠬᠤᠭᠤᠴᠠᠭᠠᠨ ᠳᠤ᠂ ᠬᠡᠭᠡᠷ᠎ᠡ | ᠭᠠᠳᠠᠨ᠎ᠠ ᠠᠵᠢᠯᠯᠠᠬᠤ ᠨᠢᠭᠡᠴᠡ ᠪᠤᠶᠤ ᠬᠤᠪᠢ ᠬᠥᠮᠥᠨ ᠨᠢ ᠰᠤᠮᠤ ᠪᠠᠯᠭᠠᠰᠤ ᠲᠠᠢ ᠭᠠᠯ ᠰᠡᠷᠭᠡᠶᠢᠯᠡᠬᠦ | ᠬᠠᠷᠢᠭᠤᠴᠠᠯᠭᠠᠲᠤ ᠪᠢᠴᠢᠭ ᠢ ᠲᠣᠭᠲᠠᠵᠤ᠂ ᠡᠪᠡᠰᠦ ᠬᠠᠳᠤᠬᠤ ᠬᠤᠭᠤᠴᠠᠭᠠᠨ ᠳᠠᠬᠢ ᠭᠠᠯ ᠤᠨ ᠠᠶᠤᠯ ᠭᠠᠷᠬᠤ ᠦᠭᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠨᠠᠢᠮᠠ︶ ᠬᠤᠭ ᠨᠣᠪᠰᠢ ᠶᠢ ᠵᠦᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠂ ᠬᠠᠳᠤᠯᠠᠩ ᠳᠤ ᠡᠯ᠎ᠡ ᠵᠦᠢᠯ | ᠤᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ᠂ ᠠᠮᠢᠳᠤᠷᠠᠯ ᠤᠨ | ᠬᠤᠭ ᠨᠣᠪᠰᠢ ᠶᠢ ᠪᠣᠬᠢᠷᠳᠤᠯ ᠦᠭᠡᠢ ᠰᠢᠢᠳᠪᠦᠷᠢᠯᠡᠬᠦ ᠬᠡᠷᠡᠭᠲᠡᠢ᠃ | ᠳᠥᠷᠪᠡ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ | ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 2022745 | ᠪᠡᠯᠭᠦᠳᠡᠢ ᠪᠠᠯᠭᠠᠰᠤ᠄ 2026683 | ᠬᠤᠩᠭᠤᠷᠭᠤᠣᠯ ᠪᠠᠯᠭᠠᠰᠤ᠄ 2402203 | ᠴᠠᠭᠠᠨᠨᠠᠭᠤᠷ ᠪᠠᠯᠭᠠᠰᠤ᠄ 2457118 | ᠨᠠᠷᠠᠨᠪᠤᠯᠠᠭ ᠰᠤᠮᠤ᠄ 2301368 | ᠶᠡᠬᠡᠭᠤᠤᠯ ᠰᠤᠮᠤ᠄ 2317120 | ᠵᠢᠷᠭᠠᠯᠠᠩᠲᠤ ᠰᠤᠮᠤ᠄ 2300653 | ᠪᠠᠶᠠᠨᠲᠤᠭ ᠰᠤᠮᠤ᠄ 2300889 |