ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2023/8/7
           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                    247 ᠳ᠋ᠤᠭᠠᠷ ᠲᠣᠭᠠᠲᠤ                                    ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾᠎ ᠢ 2020 ᠣᠨ ᠤ 9 ᠳ᠋ᠦ᠋ᠭᠡᠷ ᠰᠠᠷ᠎ᠠ ᠶᠢᠨ 3᠎ ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃                                          ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ     ᠪᠦ᠋ ᠰᠢᠶᠣᠣ ᠯᠢᠨ                  2020 ᠣᠨ ᠤ 9 ᠳ᠋ᠦ᠋ᠭᠡᠷ ᠰᠠᠷ᠎ᠠ ᠶᠢᠨ 27᠎ ᠤ ᠡᠳᠦᠷ                         ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ           ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠯᠭᠠᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠢᠯᠭᠠᠷᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠃             ᠲᠤᠰ ᠲᠣᠭᠲᠠᠭᠠᠯ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃           ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ         ᠳᠠᠭᠠᠯᠳᠤᠭᠤᠯᠤᠯ               ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ        ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠬᠢᠨᠠᠨ ᠪᠠᠶᠢᠴᠠᠭᠠᠯᠲᠠ ᠶᠢᠨ ᠠᠷᠭ᠎ᠠ︾ ︵1992 ᠣᠨ ᠤ 6 ᠳ᠋ᠤᠭᠠᠷ ᠰᠠᠷ᠎ᠠ ᠶᠢᠨ 13᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 42 ᠳ᠋ᠤᠭᠠᠷ ᠲᠣᠭᠠᠲᠤ ᠪᠠᠷ ᠨᠡᠶᠢᠲᠡᠯᠡᠪᠡ᠂ 2010 ᠣᠨ ᠤ 11 ᠳ᠋ᠦ᠋ᠭᠡᠷ ᠰᠠᠷ᠎ᠠ ᠶᠢᠨ 26᠎ ᠤ ᠡᠳᠦᠷ ᠤᠨ ︽ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠎ ᠢ ᠦᠨᠳᠦᠰᠦᠯᠡᠨ ᠵᠠᠰᠠᠪᠤᠷᠢ ᠣᠷᠣᠭᠤᠯᠪᠠ︶᠃             ᠬᠤᠶᠠᠷ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ﹀᠎ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵2013 ᠣᠨ ᠤ 6 ᠳ᠋ᠤᠭᠠᠷ ᠰᠠᠷ᠎ᠠ ᠶᠢᠨ 6᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 196 ᠳ᠋ᠤᠭᠠᠷ ᠲᠣᠭᠠᠲᠤ ᠪᠠᠷ ᠨᠡᠶᠢᠲᠡᠯᠡᠪᠡ︶᠃            ᠭᠤᠷᠪᠠ᠂ ︽ᠬᠦᠨᠳᠦ ᠶᠡᠭᠡ ᠠᠶᠤᠯ ᠦᠭᠡᠢ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵2001 ᠣᠨ ᠤ 10 ᠳ᠋ᠤᠭᠠᠷ ᠰᠠᠷ᠎ᠠ  ᠶᠢᠨ 19᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 114  ᠳ᠋ᠦ᠋ᠭᠡᠷ ᠲᠣᠭᠠᠲᠤ ᠪᠠᠷ ᠨᠡᠶᠢᠲᠡᠯᠡᠪᠡ︶᠃            ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠲᠦᠭᠰᠢᠭᠦᠷᠢ ᠶᠡᠬᠡᠲᠡᠢ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵2014 ᠣᠨ ᠤ 4 ᠳ᠋ᠦ᠋ᠭᠡᠷ ᠰᠠᠷ᠎ᠠ ᠶᠢᠨ 11᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 201 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号