ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 247 ᠳ᠋ᠤᠭᠠᠷ ᠲᠣᠭᠠᠲᠤ | | ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ | ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾ ᠢ 2020 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ | ᠬᠦᠴᠦᠨ ᠲᠠᠢ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ | 2020 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ | ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ | ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠯᠭᠠᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠢᠯᠭᠠᠷᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ | ᠪᠣᠯᠭᠠᠬᠤ ᠪᠠᠷ ᠲᠣᠭᠲᠠᠭᠠᠪᠠ᠃ | ᠲᠤᠰ ᠲᠣᠭᠲᠠᠭᠠᠯ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃ | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ | ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ | ᠳᠠᠭᠠᠯᠳᠤᠭᠤᠯᠤᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠬᠢᠨᠠᠨ ᠪᠠᠶᠢᠴᠠᠭᠠᠯᠲᠠ ᠶᠢᠨ | ᠠᠷᠭ᠎ᠠ︾ ︵1992 ᠣᠨ ᠤ 6 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 42 ᠳ᠋ᠤᠭᠠᠷ ᠲᠣᠭᠠᠲᠤ ᠪᠠᠷ ᠨᠡᠶᠢᠲᠡᠯᠡᠪᠡ᠂ 2010 ᠣᠨ ᠤ | 11 ᠳ᠋ᠦ᠋ᠭᠡᠷ ᠰᠠᠷ᠎ᠠ ᠶᠢᠨ 26 ᠤ ᠡᠳᠦᠷ ᠤᠨ ︽ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠦᠨᠳᠦᠰᠦᠯᠡᠨ ᠵᠠᠰᠠᠪᠤᠷᠢ ᠣᠷᠣᠭᠤᠯᠪᠠ︶᠃ | ᠬᠤᠶᠠᠷ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ | ᠲᠦᠷ ᠬᠡᠷᠡᠭᠵᠢᠭᠦᠯᠬᠦ ᠳᠦᠷᠢᠮ﹀ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ | ︵2013 ᠣᠨ ᠤ 6 ᠳ᠋ᠤᠭᠠᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 196 ᠳ᠋ᠤᠭᠠᠷ ᠲᠣᠭᠠᠲᠤ ᠪᠠᠷ ᠨᠡᠶᠢᠲᠡᠯᠡᠪᠡ︶᠃ | ᠭᠤᠷᠪᠠ᠂ ︽ᠬᠦᠨᠳᠦ ᠶᠡᠭᠡ ᠠᠶᠤᠯ ᠦᠭᠡᠢ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵2001 ᠣᠨ ᠤ 10 ᠳ᠋ᠤᠭᠠᠷ | ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 114 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃ | ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠲᠦᠭᠰᠢᠭᠦᠷᠢ | ᠶᠡᠬᠡᠲᠡᠢ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵ | 2014 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 201 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃ | |