ᠠᠪᠠᠭ᠎ᠠ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ︽ᠠᠪᠠᠭ᠎ᠠ ᠬᠤᠰᠢᠭᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠠᠰᠤᠯᠤᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾᠎ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/12
    ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠪᠠᠷᠢᠯᠭ᠎ᠠ ᠶᠢᠨ ᠪᠦᠳᠦᠭᠡᠨ ᠪᠠᠶᠢᠭᠤᠯᠤᠭᠰᠠᠨ ᠦᠨ᠎ᠡ ᠶᠢᠨ ᠦᠨᠡᠨ ᠪᠣᠳᠠᠲᠤ ᠴᠢᠨᠠᠷ ᠢ ᠢᠯᠡᠷᠡᠭᠦᠯᠵᠦ᠂ ᠪᠠᠷᠢᠯᠭ᠎ᠠ ᠳᠠᠭᠤᠰᠴᠤ ᠲᠡᠰᠦᠯᠦᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯᠯᠠᠭ᠎ᠠ ᠶᠢ ᠵᠢᠷᠤᠮᠵᠢᠭᠤᠯᠤᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠠᠷᠪᠢᠯᠠᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠪᠡᠯᠡ ᠣᠷᠣᠭᠤᠯᠤᠯᠲᠠ ᠶᠢ ᠬᠢᠨᠠᠨ ᠪᠤᠳᠤᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃     ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠳ᠋ ᠤᠨ ᠵᠠᠰᠠᠭ ᠤᠨ ᠶᠠᠮᠤᠨ ᠤ ︽ᠦᠨᠳᠦᠰᠦᠨ ᠪᠦ᠋ᠲᠦᠭᠡᠨ ᠪᠠᠶᠢᠭᠤᠯᠤᠯᠲᠠ ᠶᠢᠨ ᠡᠳ᠋ ᠤᠨ ᠵᠠᠰᠠᠭ ᠤᠨ ᠲᠦᠯᠦᠪᠵᠢᠭᠦᠯᠭᠡ︾ ︵ᠡᠳ᠋ ᠤᠨ ᠵᠠᠰᠠᠭ ᠤᠨ ᠶᠠᠮᠤᠨ ᠤ ᠵᠠᠷᠯᠢᠭ 81  ᠳ᠋ᠦ᠋ᠭᠡᠷ ᠲᠣᠭᠠᠲᠤ︶᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠳ᠋ ᠤᠨ ᠵᠠᠰᠠᠭ ᠤᠨ ᠶᠠᠮᠤᠨ ᠤ ︽ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠣᠭᠲᠠᠭᠠᠯ︾ ︵ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ᠶᠢᠨ ﹇2009﹈ 648 ᠳ᠋ᠤᠭᠠᠷ ᠲᠣᠭᠠᠲᠤ︶᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠳ᠋ ᠤᠨ ᠵᠠᠰᠠᠭ ᠤᠨ ᠶᠠᠮᠤᠨ ᠤ ︽ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ᠶᠢᠨ ﹇2016﹈ 503 ᠳ᠋ᠤᠭᠠᠷ ᠲᠣᠭᠠᠲᠤ︶᠂ ︽ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠳᠠᠭᠤᠰᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾ ︵ᠰᠢᠯᠢ ᠵᠠᠬᠢᠷᠭ᠎ᠠ ﹇2019﹈ 16 ᠳ᠋ᠤᠭᠠᠷ ᠲᠣᠭᠠᠲᠤ︶ ᠵᠡᠷᠭᠡ᠃     ᠭᠤᠷᠪᠠ᠂ ᠲᠤᠭᠤᠷᠪᠢᠨ ᠪᠢᠴᠢᠭᠰᠡᠨ ᠶᠠᠪᠤᠴᠠ     2023 ᠣᠨ ᠤ 5 ᠰᠠᠷ᠎ᠠ ᠠᠴᠠ ᠮᠠᠨ ᠤ ᠲᠣᠪᠴᠢᠶ᠎ᠠ ︽ᠠᠪᠠᠭ᠎ᠠ ᠬᠤᠰᠢᠭᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠠᠰᠤᠯᠤᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾᠎ ᠶᠢ ᠲᠤᠭᠤᠷᠪᠢᠭᠰᠠᠨ ᠪᠥᠭᠡᠳ 6 ᠰᠠᠷ᠎ᠠ ᠶᠢᠨ 1᠎ ᠤ ᠡᠳᠦᠷ ︽︿ᠠᠪᠠᠭ᠎ᠠ ᠬᠤᠰᠢᠭᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠠᠰᠤᠯᠤᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ﹀᠎ ᠶᠢ ᠬᠤᠷᠢᠶᠠᠬᠤ ᠲᠤᠬᠠᠢ ᠰᠠᠨᠠᠯ︾᠎ ᠢ ᠳᠣᠷᠣᠭᠰᠢ ᠪᠠᠭᠤᠯᠭᠠᠵᠤ᠂ ᠳᠠᠷᠠᠭ᠎ᠠ ᠨᠢ ᠪᠠᠰᠠ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠪᠡ᠃     ᠳᠥᠷᠪᠡ᠂ ᠭᠤᠣᠯ ᠠᠭᠤᠯᠭ᠎ᠠ     ᠨᠢᠭᠡᠳᠦᠭᠡᠷ ᠪᠦᠯᠦᠭ ᠲᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠭᠰᠡᠨ ᠵᠣᠷᠢᠯᠭ᠎ᠠ ᠵᠢᠴᠢ ᠭᠤᠣᠯ ᠦᠨᠳᠦᠰᠦ ᠪᠠᠷᠢᠮᠲᠠ ᠶᠢ ᠳᠤᠷᠠᠳᠤᠨ ᠭᠠᠷᠭᠠᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠳᠠᠭᠤᠰᠴᠤ ᠲᠠᠰᠤᠯᠤᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠳᠤ ᠲᠠᠶᠢᠯᠪᠤᠷᠢᠯᠠᠯᠲᠠ ᠬᠢᠵᠦ᠂ ᠬᠢᠨᠠᠨ ᠬᠠᠷᠭᠤᠭᠤᠯᠬᠤ ᠠᠵᠢᠯ ᠤᠨ ᠵᠢᠷᠤᠮᠯᠠᠪᠠᠰᠤ ᠵᠣᠬᠢᠬᠤ ᠵᠠᠷᠴᠢᠮ ᠵᠢᠴᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠬᠠᠢ ᠲᠣᠭᠲᠠᠭᠠᠯ ᠨᠡᠶᠢᠲᠡᠯᠡᠪᠡ᠃     ᠬᠤᠶᠠᠳᠤᠭᠠᠷ ᠪᠦᠯᠦᠭ ᠲᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠳᠠᠭᠤᠰᠴᠤ ᠲᠠᠰᠤᠯᠤᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠬᠦᠷᠢᠶ᠎ᠡ ᠬᠡᠪᠴᠢᠶ᠎ᠡ ᠪᠠ ᠠᠭᠤᠯᠭ᠎ᠠ ᠶᠢ ᠲᠣᠳᠣᠷᠬᠠᠶᠢᠯᠠᠪᠠ᠃     ᠭᠤᠷᠪᠠᠳᠤᠭᠠᠷ ᠪᠦᠯᠦᠭ ᠲᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠳᠠᠭᠤᠰᠴᠤ ᠲᠠᠰᠤᠯᠤᠨ ᠪᠤᠳᠤᠭᠰᠠᠨ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠠᠷᠭ᠎ᠠ ᠮᠠᠶ᠋ᠢᠭ ᠪᠠ ᠵᠢᠷᠤᠮ ᠢ ᠲᠣᠳᠣᠷᠬᠠᠢ ᠲᠣᠭᠲᠠᠭᠠᠵᠤ᠂ ᠬᠢᠨᠠᠨ ᠬᠠᠷᠭᠤᠭᠤᠯᠬᠤ ᠠᠵᠢᠯ ᠤᠨ ᠵᠦᠢ ᠵᠣᠬᠢᠰᠲᠠᠢ ᠪᠥᠭᠡᠳ ᠲᠣᠭᠲᠠᠭᠠᠯ ᠳᠤ ᠨᠡᠶᠢᠴᠡᠬᠦ ᠶᠢ ᠪᠠᠲᠤᠯᠠᠪᠠ᠃     ᠳᠥᠷᠪᠡᠳᠦᠭᠡᠷ ᠪᠦᠯᠦᠭ ᠲᠤ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠦᠲᠦᠭᠡᠨ ᠪᠠᠶᠢᠭᠤᠯᠬᠤ ᠨᠢᠭᠡᠴᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠲᠣᠭᠲᠠᠭᠠᠬᠤ ᠦᠢᠯᠡᠴᠢᠯᠡᠭᠡᠨ ᠤ ᠲᠥᠪ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃     ᠲᠠᠪᠤᠳᠤᠭᠠᠷ ᠪᠦᠯᠦᠭ ᠬᠢᠨᠠᠨ ᠬᠠᠷᠭᠤᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠲᠠᠢ ᠵᠦᠢᠯᠡᠰ ᠢ ᠰᠢᠢᠳᠪᠦᠷᠢᠯᠡᠬᠦ ᠠᠷᠭ᠎ᠠ ᠮᠠᠶ᠋ᠢᠭ ᠪᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠬᠡᠷᠡᠭᠯᠡᠬᠦ ᠬᠠᠮᠢᠶᠠᠷᠤᠯᠲᠠ ᠶᠢ ᠵᠦᠢᠯ ᠳᠠᠷᠠᠭᠠᠯᠠᠨ ᠲᠣᠳᠣᠷᠬᠠᠶᠢᠯᠠᠪᠠ᠃     ᠵᠢᠷᠭᠤᠳᠤᠭᠠᠷ ᠪᠦᠯᠦᠭ ᠲᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠠᠰᠤᠯᠤᠨ ᠪᠤᠳᠤᠬᠤ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠶᠢᠨ ᠵᠠᠷᠤᠳᠠᠯ ᠲᠤᠰᠢᠶᠠᠬᠤ ᠪᠠᠷᠢᠮᠵᠢᠶ᠎ᠠ ᠪᠠ ᠢᠷᠡᠯᠲᠡ ᠶᠢ ᠲᠣᠳᠣᠷᠬᠠᠶᠢᠯᠠᠪᠠ᠃     ᠳᠣᠯᠣᠳᠤᠭᠠᠷ ᠪᠦᠯᠦᠭ ᠬᠢᠨᠠᠨ ᠬᠠᠷᠭᠤᠭᠤᠯᠬᠤ ᠶᠠᠪᠤᠴᠠ ᠳᠤ ᠣᠯᠵᠤ ᠮᠡᠳᠡᠭᠰᠡᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠡᠳ᠋ ᠤᠨ ᠵᠠᠰᠠᠭ ᠤᠨ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ ᠮᠠᠶ᠋ᠢᠭ ᠢ ᠲᠣᠳᠣᠷᠬᠠᠢ ᠲᠣᠳᠣᠷᠬᠠᠶᠢᠯᠠᠪᠠ᠃ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠳᠤ ᠲᠤᠰ ᠠᠷᠭ᠎ᠠ ᠶᠢᠨ ᠲᠠᠶᠢᠯᠪᠤᠷᠢᠯᠠᠬᠤ ᠡᠷᠬᠡ ᠶᠢᠨ ᠬᠡᠪᠴᠢᠶ᠎ᠡ ᠪᠠ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠳᠣᠷᠬᠠᠶᠢᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号