︽ᠠᠪᠠᠭ᠎ᠠ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025 ᠣᠨ︶︾᠎ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/12
     ᠨᠢᠭᠡ᠂ ᠠᠬᠤᠢ ᠪᠠᠶᠢᠳᠠᠯ ᠤᠨ ᠦᠨᠳᠦᠰᠦᠯᠡᠯ      ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠬᠤ ᠳᠠᠭᠠᠨ᠄ ︽ᠰᠢᠨᠵᠢᠯᠡᠬᠦ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠰᠢᠨ᠎ᠡ ᠶᠢ ᠡᠭᠦᠳᠬᠦ ᠬᠥᠭᠵᠢᠯᠲᠡ ᠶᠢ ᠪᠡᠶᠡᠯᠡᠭᠦᠯᠬᠦ ᠶᠢᠨ ᠬᠤᠶᠠᠷ ᠵᠢᠭᠦᠷ ᠮᠥᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠪᠤᠳᠠᠯ ᠢ ᠰᠢᠨᠵᠢᠯᠡᠬᠦ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠲᠠᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠂ ᠠᠷᠠᠳ ᠨᠡᠶᠢᠲᠡ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠨᠡᠶᠢᠳᠡᠮ ᠳᠡᠭᠡᠭᠰᠢᠯᠡᠭᠦᠯᠬᠦ ᠦᠭᠡᠢ ᠪᠣᠯ ᠥᠨᠳᠥᠷ ᠬᠡᠪ ᠴᠢᠨᠠᠷ ᠪᠦᠬᠦᠢ ᠰᠢᠨ᠎ᠡ ᠶᠢ ᠡᠭᠦᠳᠬᠦ ᠠᠤᠭ᠎ᠠ ᠶᠡᠭᠡ ᠡᠩᠨᠡᠭᠡ ᠶᠢ ᠪᠠᠶᠢᠭᠤᠯᠬᠤ ᠳᠤ ᠬᠦᠴᠢᠷᠲᠡᠢ᠂ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠬᠦ ᠳᠤ ᠬᠦᠴᠢᠷᠲᠡᠢ︾ ᠭᠡᠪᠡ᠃ ᠡᠨᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠵᠢᠷᠤᠮᠯᠠᠯ ᠪᠣᠯᠣᠨ᠎ᠠ᠃      2021 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ ᠬᠦᠳᠦᠯᠪᠤᠷᠢ ︵2021 ︱ 2035 ᠣᠨ︶︾ ︵ᠲᠥᠷᠥ ᠲᠠᠷᠬᠠᠭᠠᠭᠰᠠᠨ ﹇2021﹈ 9 ᠳ᠋ᠦ᠋ᠭᠡᠷ ᠲᠣᠭᠠᠲᠤ︶᠎ ᠶᠢ ᠳᠠᠷᠤᠮᠠᠯᠯᠠᠨ ᠲᠠᠷᠬᠠᠭᠠᠪᠠ︔ ᠳᠠᠷᠠᠭ᠎ᠠ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025 ᠣᠨ︶︾ ︵ᠥᠪᠥᠷ ᠵᠠᠰᠠᠭ ᠲᠠᠷᠬᠠᠭᠠᠭᠰᠠᠨ ﹇2021﹈ 22 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ᠃ ᠠᠶᠢᠮᠠᠭ ᠤᠨ ᠵᠠᠬᠢᠷᠭ᠎ᠠ ᠠᠴᠠ ︽ᠰᠢᠯᠢ ᠶᠢᠨ ᠭᠤᠣᠯ ᠠᠶᠢᠮᠠᠭ ᠤᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025 ᠣᠨ︶︾ ︵ᠰᠢᠯᠢ ᠶᠢᠨ ᠭᠤᠣᠯ ᠲᠠᠷᠬᠠᠭᠠᠭᠰᠠᠨ ﹇2022﹈ 94 ᠳ᠋ᠦ᠋ᠭᠡᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠵᠢᠯᠤᠭᠤᠳᠬᠤ ᠦᠵᠡᠯ ᠰᠠᠨᠠᠭ᠎ᠠ᠂ ᠵᠠᠷᠴᠢᠮ ᠂ ᠬᠠᠷᠠᠯᠲᠠ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯᠳᠠᠯᠭ᠎ᠠ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠳᠤ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤ ︽ᠠᠪᠠᠭ᠎ᠠ ᠬᠤᠰᠢᠭᠤᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025 ᠣᠨ︶︾᠎ ᠢ ᠨᠠᠶᠢᠷᠠᠭᠤᠯᠤᠨ ᠵᠣᠬᠢᠶᠠᠪᠠ᠃      ᠬᠤᠶᠠᠷ᠂ ᠬᠠᠷᠠᠯᠲᠠ ᠶᠢᠨ ᠡᠭᠦᠷᠭᠡ      2025 ᠣᠨ ᠪᠣᠯᠬᠤ ᠳᠤ᠂ ᠪᠦᠬᠦ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠬᠠᠷᠢᠴᠠᠯ ᠨᠢ ᠪᠦᠬᠦ ᠠᠶᠢᠮᠠᠭ ᠤᠨ ᠲᠡᠭᠰᠢᠳᠭᠡᠭᠰᠡᠨ ᠬᠢᠷᠢ ᠲᠦᠪᠰᠢᠨ ᠳᠤ ᠬᠦᠷᠴᠦ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠨᠢ ᠠᠳᠠᠯᠢᠬᠠᠨ ᠴᠢᠬᠤᠯᠠ︾ ᠳᠦᠷᠢᠮ ᠤᠨ ᠲᠣᠬᠢᠷᠠᠭᠤᠯᠤᠯᠲᠠ  ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠪᠦᠬᠦ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠥᠭᠵᠢᠯᠲᠡ ᠲᠡᠩᠴᠡᠭᠦᠷᠢ ᠦᠭᠡᠢ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠵᠢᠯᠲᠠ ᠶᠢᠨ ᠲᠦᠪᠰᠢᠨ ᠰᠢᠨ᠎ᠡ ᠳᠡᠭᠲᠡᠷ ᠲᠤ ᠭᠠᠷᠴᠤ᠂ ᠰᠢᠨᠵᠢᠯᠡᠬᠦ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠲᠠᠰᠤᠷᠠᠯᠳᠡ ᠦᠭᠡᠢ ᠲᠡᠭᠦᠯᠳᠡᠷᠵᠢᠵᠦ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠠᠯᠬᠤᠮ ᠠᠯᠬᠤᠮ ᠢᠶᠠᠷ ᠴᠢᠩᠭᠠᠷᠠᠵᠤ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠨᠡᠩ ᠡᠯᠪᠡᠭᠵᠢᠨ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠡᠩᠨᠡᠭᠡ ᠨᠡᠩ ᠪᠤᠵᠠᠭᠠᠶᠢᠷᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠡᠳᠦᠷ ᠢᠷᠡᠬᠦᠶ᠎ᠡ ᠰᠠᠶᠢᠵᠢᠷᠠᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠳᠡᠭᠡᠭᠰᠢᠯᠡᠯᠲᠡ ᠲᠠᠢ ᠪᠣᠯᠪᠠ᠃      ᠭᠤᠷᠪᠠ᠂ ᠭᠤᠣᠯ ᠠᠷᠭ᠎ᠠ ᠬᠡᠮᠵᠢᠶ᠎ᠡ      ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠬᠠᠷᠠᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠳᠤᠰᠠᠳᠠ᠂ ᠮᠠᠨ ᠤ ᠬᠤᠰᠢᠭᠤ ᠨᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ᠂ ᠳᠣᠣᠷᠠᠬᠢ 5 ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠪᠠ 4 ᠵᠦᠢᠯ ᠤᠨ ᠴᠢᠬᠤᠯᠠ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃      ︵ᠨᠢᠭᠡ︶ ᠲᠠᠪᠤᠨ ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ      ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠦᠨ᠂ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ ᠪᠣᠯᠣᠨ ᠲᠥᠰᠥᠭᠡᠯᠡᠨ ᠪᠤᠳᠤᠬᠤ ᠴᠢᠳᠠᠪᠤᠷᠢ ᠶᠢ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠡᠷᠬᠢᠮ ᠳᠡᠭᠡᠳᠦ ᠬᠦᠰᠡᠯᠡᠩ ᠢ ᠪᠤᠢ  ᠪᠣᠯᠭᠠᠨ᠂ ᠰᠢᠨ᠎ᠡ ᠶᠢ ᠡᠭᠦᠳᠬᠦ ᠤᠬᠠᠮᠰᠠᠷ ᠪᠣᠯᠣᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ ᠬᠦᠮᠦᠵᠢᠬᠦᠯᠦᠨ᠂ ᠰᠢᠨᠵᠢᠯᠡᠬᠦ ᠮᠡᠷᠭᠡᠵᠢᠯ ᠤᠨ ᠬᠦᠴᠦᠷᠬᠡᠭ ᠬᠤᠰᠢᠭᠤ ᠶᠢ ᠴᠤᠭᠴᠠᠯᠠᠵᠤ᠂ ᠴᠢᠳᠠᠪᠤᠷᠢᠲᠠᠨ ᠤ ᠰᠠᠭᠤᠷᠢ ᠶᠢ ᠪᠠᠲᠤᠳᠬᠠᠨ᠎ᠠ᠃ ᠲᠣᠰ ᠠᠵᠢᠯᠯᠠᠭ᠎ᠠ ᠨᠢ ᠭᠤᠣᠯᠳᠠᠭᠤ 5 ᠵᠦᠢᠯ ᠤᠨ ᠪᠤᠳᠠᠳᠤ ᠠᠵᠢᠯ ᠢᠶᠠᠷ ᠪᠦᠷᠢᠯᠳᠦᠪᠡ᠃ ᠨᠢᠭᠡ ᠳᠤ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠴᠢᠳᠠᠪᠤᠷᠢᠲᠡᠨ ᠬᠥᠮᠥᠵᠢᠭᠦᠯᠬᠦ ᠪᠥᠬᠦ ᠬᠡᠯᠬᠢᠶᠡᠵᠢᠯ ᠳᠤ ᠲᠤᠤᠱᠯᠠᠭᠤᠯᠤᠨ᠎ᠠ︔ ᠬᠤᠶᠠᠷ ᠲᠤ ᠰᠠᠭᠤᠷᠢ ᠰᠤᠷᠭᠠᠨ ᠬᠥᠮᠦᠵᠢᠯ ᠤᠨ ᠱᠠᠲᠤᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ︔ ᠳᠥᠷᠪᠡ ᠳᠤ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠲᠦᠮᠵᠢᠲᠡᠶ ᠵᠣᠯᠭᠠᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ︔ ᠲᠠᠪᠤ ᠳᠤ᠂ ᠪᠠᠭᠰᠢ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃      ᠮᠠᠯᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠲᠤᠰ ᠠᠵᠢᠯᠯᠠᠭ᠎ᠠ ᠨᠢ ᠮᠠᠯ ᠠᠵᠤ ᠠᠬᠤᠢ ᠪᠠ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ ᠮᠠᠯᠴᠢᠳ ᠤᠨ ᠡᠩᠨᠡᠭᠡ ᠶᠢ ᠪᠠᠶᠢᠭᠤᠯᠬᠤ ᠶᠢᠨ ᠲᠥᠯᠥᠭᠡ ᠶᠤᠮ᠃ ᠡᠭᠦᠨ ᠳᠤ ᠭᠤᠣᠯᠳᠠᠭᠤ 5 ᠵᠦᠢᠯ ᠤᠨ ᠪᠣᠳᠠᠲᠠᠢ ᠠᠵᠢᠯ ᠢ ᠥᠷᠨᠢᠭᠦᠯᠦᠨ᠎ᠡ᠂ ᠨᠢᠭᠡ ᠳᠤ ᠰᠢᠨᠵᠢᠯᠡᠬᠦ ᠤᠬᠠᠭᠠᠨ ᠢ ᠢᠲᠡᠭᠡᠬᠦ᠂ ᠡᠶ᠎ᠡ ᠵᠣᠬᠢᠴᠠᠯ ᠲᠠᠢ ᠪᠦᠳᠦᠮᠵᠢᠲᠡᠢ ᠦᠵᠡᠯ ᠰᠠᠨᠠᠭ᠎ᠠ ᠣᠶᠢᠯᠠᠭᠠᠭᠳᠠᠬᠤᠨ ᠢ ᠪᠤᠢ ᠪᠣᠯᠭᠠᠨ᠎ᠠ︔ ᠬᠤᠶᠠᠷ ᠲᠤ ᠥᠨᠳᠥᠷ ᠬᠡᠪ ᠴᠢᠨᠠᠷ ᠪᠦᠬᠦᠢ ᠮᠠᠯᠴᠢᠳ ᠪᠠ ᠮᠠᠯᠵᠢᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ︔ ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ︔ ᠳᠥᠷᠪᠡ ᠳᠤ᠂ ᠮᠠᠯᠵᠢᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ︔ ᠲᠠᠪᠤ ᠳᠤ ᠮᠠᠯᠴᠢᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃      ᠠᠵᠤ ᠦᠢᠯᠡᠰ ᠤᠨ ᠠᠵᠢᠯᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠮᠡᠷᠭᠡᠵᠢᠯ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠠᠵᠢᠯ ᠮᠡᠷᠭᠡᠵᠢᠯ ᠤᠨ ᠲᠤᠬᠠᠶᠢᠯᠠᠭᠰᠠᠨ ᠮᠡᠷᠭᠡᠵᠢᠯ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠡᠩᠨᠡᠭᠡ ᠶᠢ ᠪᠠᠶᠢᠭᠤᠯᠤᠨ᠎ᠠ᠃ ᠭᠤᠣᠯᠳᠠᠭᠤ ᠳᠣᠣᠷᠠᠬᠢ 4 ᠵᠦᠢᠯ ᠤᠨ ᠪᠣᠳᠠᠲᠠᠢ ᠠᠵᠢᠯ ᠢ ᠥᠷᠨᠢᠭᠦᠯᠦᠨ᠎ᠡ᠂ ᠨᠢᠭᠡ ᠳᠤ ᠬᠦᠰᠡᠯᠡᠩ ᠢᠲᠡᠭᠡᠯ ᠵᠣᠷᠢᠭ ᠪᠠ ᠠᠵᠢᠯ ᠮᠡᠷᠭᠡᠵᠢᠯ ᠤᠨ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ︔ ᠬᠤᠶᠠᠷ ᠲᠤ ᠤᠷ᠎ᠠ ᠴᠢᠳᠠᠪᠤᠷᠢ ᠶᠢᠨ ᠰᠢᠨ᠎ᠡ ᠶᠢ ᠡᠭᠦᠳᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠷᠪᠠ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠰ ᠤᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ︔ ᠳᠥᠷᠪᠡ ᠳᠤ᠂ ᠠᠵᠤ ᠠᠬᠤᠶᠢᠯᠠᠯ ᠤᠨ ᠠᠵᠤ ᠦᠢᠯᠡᠰ ᠤᠨ ᠠᠵᠢᠯᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ᠨᠠᠰᠤᠲᠠᠶᠢᠴᠤᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠮᠡᠳᠡᠭᠡ ᠵᠠᠩᠭᠢ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠨᠠᠰᠤᠲᠠᠶᠢᠴᠤᠳ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠨᠠᠰᠤᠲᠠᠶᠢᠴᠤᠳ ᠤᠨ ᠨᠡᠶᠢᠭᠡᠮ ᠤᠨ ᠬᠥᠭᠵᠢᠯᠲᠡ ᠳᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠳᠤ᠂ ᠭᠤᠣᠯᠳᠠᠭᠤ 3 ᠵᠦᠢᠯ ᠤᠨ ᠪᠣᠳᠠᠲᠠᠢ ᠠᠵᠢᠯ ᠤᠨ ᠡᠭᠦᠷᠭᠡ ᠪᠣᠶ᠂ ᠨᠢᠭᠡ ᠳᠤ᠂ ᠣᠶᠤᠨᠴᠢ ᠪᠠᠷ ᠨᠠᠰᠤᠲᠠᠨ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ︔ ᠬᠤᠶᠠᠷ ᠲᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡ ᠶᠢ ᠴᠢᠩᠭᠠᠳᠬᠠᠨ᠎ᠠ︔ ᠭᠤᠷᠪᠠ ᠳᠤ᠂ ᠨᠠᠰᠤᠲᠠᠶᠢᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃      ᠤᠳᠤᠷᠢᠳᠬᠤ ᠺᠠᠳ᠋ᠷ ᠪᠠ ᠠᠯᠪᠠᠲᠠᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠤᠳᠤᠷᠢᠳᠬᠤ ᠺᠠᠳ᠋ᠷ ᠪᠣᠯᠣᠨ ᠠᠯᠪᠠᠲᠠᠨ ᠤ ᠡᠩᠨᠡᠭᠡ ᠶᠢᠨ ᠲᠥᠷᠥ ᠶᠢᠨ ᠪᠣᠳᠣᠯᠭ᠎ᠠ ᠶᠢᠨ ᠣᠨᠣᠯ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ ᠂ ᠤᠳᠤᠷᠢᠳᠬᠤ ᠺᠠᠳ᠋ᠷ ᠪᠣᠯᠣᠨ ᠠᠯᠪᠠᠲᠠᠨ ᠤ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ ᠣᠨᠣᠯᠵᠢᠬᠤᠨ ᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠳᠤ 2 ᠵᠦᠢᠯ ᠤᠨ ᠪᠣᠳᠠᠲᠠᠢ ᠠᠵᠢᠯ ᠪᠤᠢ᠄ ᠨᠢᠭᠡ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠬᠤᠶᠠᠷ ᠲᠤ᠂ ᠰᠢᠨᠵᠢᠯᠡᠬᠦ ᠤᠬᠠᠭᠠᠨᠴᠢ ᠬᠡᠪ ᠴᠢᠨᠠᠷ ᠤᠨ ᠬᠥᠮᠦᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃      ︵ᠬᠤᠶᠠᠷ︶ ᠲᠥᠷᠪᠡᠨ ᠵᠦᠢᠯ ᠤᠨ ᠴᠢᠬᠤᠯᠠ ᠢᠨᠵᠧᠨᠧᠷᠢᠩ      ᠰᠢᠨᠵᠢᠯᠡᠬᠦ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠨᠵᠧᠨᠧᠷᠢᠩ᠃ ᠰᠢᠨᠵᠢᠯᠡᠬᠦ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠵᠤ᠂ ᠰᠢᠨᠵᠢᠯᠡᠬᠦ ᠮᠡᠷᠭᠡᠵᠢᠯ ᠤᠨ ᠪᠡᠯᠡᠳᠬᠡᠮᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠤᠨ᠂ ᠰᠢᠨᠵᠢᠯᠡᠬᠦ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠳᠤ 3 ᠵᠦᠢᠯ ᠤᠨ ᠪᠣᠳᠠᠲᠠᠢ ᠠᠭᠤᠯᠭ᠎ᠠ ᠪᠠᠭᠲᠠᠨ᠎ᠠ᠂ ᠨᠢᠭᠡ ᠳᠤ ᠰᠢᠨᠵᠢᠯᠡᠬᠦ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠤᠶᠠᠷ ᠲᠤ᠂ ᠰᠢᠨᠵᠢᠯᠡᠬᠦ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ︔ ᠭᠤᠷᠪᠠ ᠳᠤ ᠰᠢᠨᠵᠢᠯᠡᠬᠦ ᠮᠡᠷᠭᠡᠵᠢᠯ ᠤᠨ ᠠᠵᠢᠯᠲᠠᠳ ᠤᠨ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠳᠬᠠᠨ᠎ᠠ᠃      ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠵᠢᠯᠲᠠ ᠶᠢ ᠳᠡᠭᠡᠭᠰᠢᠯᠡᠭᠦᠯᠬᠦ ᠢᠨᠵᠧᠨᠧᠷᠢᠩ᠃ ᠣᠶᠤᠨᠴᠢ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠪᠠᠶᠢᠭᠤᠯᠤᠯᠲᠠ ᠶᠢ ᠠᠬᠢᠭᠤᠯᠬᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠤᠶᠠᠷ ᠵᠦᠢᠯ ᠤᠨ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ 3 ᠵᠦᠢᠯ ᠤᠨ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠂ ᠨᠢᠭᠡ ᠳᠤ᠂ ᠣᠶᠤᠨᠴᠢ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠪᠠᠶᠢᠭᠤᠯᠤᠯᠲᠠ ᠶᠢ ᠠᠬᠢᠭᠤᠯᠤᠨ᠎ᠠ︔ ᠬᠤᠶᠠᠷ ᠲᠤ᠂ ᠣᠷᠣᠨ ᠨᠤᠲᠤᠭ ᠤᠨ ᠣᠨᠴᠠᠯᠢᠭ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠨ ᠪᠦᠲᠦᠭᠡᠯᠭᠡ ᠶᠢ ᠠᠬᠢᠭᠤᠯᠤᠨ᠎ᠠ︔ ᠭᠤᠷᠪᠠ ᠳᠤ᠂ ᠬᠠᠮ ᠵᠠᠭᠤᠴᠢᠯᠠᠭᠤᠷ ᠢᠶᠠᠷ ᠰᠢᠨᠵᠢᠯᠡᠬᠦ ᠣᠬᠠᠭᠠᠨ ᠤ ᠮᠡᠳᠡᠯᠭᠡ ᠶᠢ ᠣᠬᠠᠭᠤᠯᠤᠨ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠪᠠ ᠬᠤᠷᠸ᠎ᠠ ᠵᠢᠯᠣᠭᠤᠳᠤᠯᠭ᠎ᠠ ᠶᠢ ᠴᠢᠩᠭᠠᠳᠬᠠᠬᠤ᠂ ᠣᠲᠣ ᠦᠶ᠎ᠡ ᠶᠢᠨ ᠰᠢᠨᠵᠢᠯᠡᠬᠦ ᠮᠡᠷᠭᠡᠵᠢᠯ ᠤᠨ ᠣᠷᠳᠣᠨ ᠤ ᠲᠤᠭᠲᠠᠯᠴᠠᠭ᠎ᠠ ᠶᠢ ᠰᠢᠨ᠎ᠡ ᠪᠠᠷ ᠴᠤᠭᠴᠠᠯᠠᠵᠤ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠬᠤ ᠵᠡᠷᠭᠡ 3 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠣᠯᠠᠨ ᠡᠰᠢᠵᠢᠭᠦᠯᠦᠨ ᠡᠷᠭᠢᠯᠡᠬᠦ᠂ ᠣᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠭᠲᠠᠯᠴᠠᠭ᠎ᠠ ᠶᠢ ᠪᠠᠶᠢᠭᠤᠯᠵᠤ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃      ᠦᠨᠳᠦᠰᠦᠨ ᠱᠠᠲᠤᠨ ᠤ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠃ ᠪᠠᠴᠢᠮ ᠪᠠᠶᠢᠳᠠᠯ ᠢ ᠠᠷᠭᠠᠴᠠᠬᠤ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠬᠠᠮᠵᠢᠯᠴᠠᠭᠠᠨ ᠤ ᠲᠤᠭᠲᠠᠯᠴᠠᠭ᠎ᠠ ᠶᠢ ᠪᠠᠶᠢᠭᠤᠯᠬᠤ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠭᠦᠯᠬᠦ᠂ ᠦᠨᠳᠦᠰᠦᠨ ᠱᠠᠲᠤᠨ ᠤ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ᠂ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ 4 ᠵᠦᠢᠯ ᠤᠨ ᠪᠣᠳᠠᠲᠠᠢ ᠠᠵᠢᠯ ᠢᠶᠠᠷ ᠳᠠᠮᠵᠢᠭᠤᠯᠤᠨ᠂ ᠰᠢᠨᠵᠢᠯᠡᠬᠦ  ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠢᠨᠵᠢᠯᠡᠬᠦ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ᠡᠭᠦᠨ ᠳᠤ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠤᠭᠲᠠᠯᠴᠠᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠠᠪᠠᠭ᠎ᠠ ᠬᠤᠰᠢᠭᠤᠨ ᠤ ︽ᠬᠡᠷᠡᠭᠵᠢᠭᠦᠯᠬᠦ ᠲᠥᠰᠥᠯ︾᠎ ᠢ ᠪᠣᠳᠠᠲᠠᠶᠢᠵᠢᠭᠤᠯᠤᠨ ᠬᠡᠷᠡᠭᠵᠢᠭᠦᠯᠬᠦ ᠳᠤ ᠪᠠᠲᠤᠯᠠᠭ᠎ᠠ ᠬᠠᠩᠭᠠᠨ᠎ᠠ᠃                    ᠠᠪᠠᠭ᠎ᠠ ᠬᠤᠰᠢᠭᠤᠨ ᠤ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ                        2023 ᠣᠨ ᠤ 8 ᠰᠠᠷ᠎ᠠ ᠶᠢᠨ 30᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号