ᠡᠷᠳᠡᠨᠢᠪᠣᠯᠠᠭ ᠭᠠᠴᠠᠭᠠᠨ ᠤ ᠲᠠᠮᠦᠷ ᠬᠡᠣᠬᠡᠨᠴᠦᠳ ︽ᠨᠠᠮ ᠢᠶᠠᠨ ᠳᠠᠭᠠᠵᠤ  ᠨᠠᠮ ᠳᠠᠭᠠᠨ ᠦᠨᠡᠨᠴᠢ ᠪᠠᠶᠢᠵᠤ  ᠨᠠᠮ ᠳᠠᠭᠠᠨ ᠲᠠᠯᠠᠷᠬᠠᠶ᠎ᠠ︾ ᠭᠤᠣᠯ ᠰᠡᠳᠦᠪᠲᠦ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/9/22
         9 ᠰᠠᠷ᠎ᠠ ᠶᠢᠨ 16᠎ ᠤ ᠡᠳᠦᠷ᠂ ᠪᠡᠯᠭᠦᠳᠡᠢ ᠪᠠᠯᠭᠠᠰᠣᠨ ᠤ ᠡᠷᠳᠡᠨᠢᠪᠣᠯᠠᠭ ᠭᠠᠴᠠᠭᠠᠨ ᠤ ᠲᠡᠮᠦᠷ ᠬᠡᠣᠬᠡᠨᠴᠦᠳ ︽ᠨᠠᠮ ᠢᠶᠠᠨ ᠳᠠᠭᠠᠵᠤ᠂ ᠨᠠᠮ ᠳᠠᠭᠠᠨ ᠦᠨᠡᠨᠴᠢ ᠪᠠᠶᠢᠵᠤ᠂ ᠨᠠᠮ ᠳᠠᠭᠠᠨ ᠲᠠᠯᠠᠷᠬᠠᠶ᠎ᠠ︾ ᠭᠡᠬᠦ ᠬᠦᠳᠡᠯᠭᠡᠭᠡᠨ ᠢᠶᠠᠨ ᠡᠷᠳᠡᠨᠢᠪᠣᠯᠠᠭ ᠭᠠᠴᠠᠭᠠᠨ ᠤ ᠨᠠᠮ ᠤᠨ ᠭᠡᠰᠢᠭᠦᠨ ᠪᠠ ᠣᠯᠠᠨ ᠲᠥᠮᠡᠨ ᠳᠤ ᠦᠢᠯᠡᠴᠢᠯᠡᠬᠦ ᠲᠥᠪ ᠲᠤ ᠶᠠᠪᠤᠭᠳᠠᠭᠤᠯᠪᠠ᠃          ︽ᠵᠢᠷᠠ ᠳᠠᠯᠠᠭᠠᠳ ᠣᠨ ᠤ ᠥᠶ᠎ᠡ ᠳᠤ ᠨᠠᠮ ᠤᠨ ᠣᠷᠢᠶᠠᠯᠠᠭ᠎ᠠ ᠲᠤᠤᠷ᠎ᠠ᠂ ᠲᠡᠮᠦᠷ ᠬᠡᠣᠬᠡᠨᠴᠦᠳ ᠭᠡᠳᠡᠷᠬᠦ ᠶᠢᠨ ᠪᠤᠯᠠᠭ ᠲᠤ ᠴᠦᠬᠡᠨ ᠮᠤᠳᠣ ᠰᠠᠭᠤᠯᠭᠠᠵᠤ᠂ ᠬᠦᠮᠦᠨ ᠨᠢᠭᠡᠪᠤᠷᠢ 3 ᠴᠢᠪᠠᠭ᠎ᠠ ᠶᠢᠨ ᠮᠤᠳᠤ᠂ 3 ᠬᠠᠶᠢᠯᠠᠰᠣᠨ ᠮᠤᠳᠤ ᠵᠠᠶᠢᠯᠠᠭᠰᠠᠨ ᠪᠠᠶᠢᠪᠠ᠂ ᠴᠢᠪᠠᠭ᠎ᠠ ᠶᠢᠨ ᠮᠣᠳᠣ ᠨᠢ ᠮᠠᠨ ᠤ ᠠᠳᠡᠬᠢ ᠶᠢᠨ ᠭᠦᠢᠲᠡᠨ ᠠᠭᠤᠷ ᠠᠮᠢᠰᠬᠤᠯ ᠳᠤ ᠳᠤᠬᠢᠷᠠᠬᠤ ᠦᠭᠡᠢ ᠪᠠᠶᠢᠳᠠᠭ ᠠᠴᠠ ᠣᠷᠭᠤᠵᠤ ᠲᠡᠶᠢᠯᠦᠭᠰᠡᠨ ᠦᠭᠡᠢ᠂ ᠤᠳᠤ ᠶᠢᠨ ᠪᠠᠶᠢᠭ᠎ᠠ ᠬᠠᠶᠢᠯᠠᠰᠣᠨ ᠮᠤᠳᠤᠳ ᠢ ᠲᠤᠬᠠᠢ ᠶᠢᠨ ᠥᠶ᠎ᠡ ᠳᠤ ᠲᠡᠮᠦᠷ ᠬᠡᠤᠬᠡᠨᠴᠦᠳ ᠮᠠᠨᠢ ᠲᠠᠷᠢᠯ᠎ᠠ︾ ᠭᠡᠵᠦ ᠲᠡᠮᠦᠷ ᠬᠡᠣᠬᠡᠨᠴᠦᠳ ᠤᠨ ᠠᠬᠠᠯᠠᠭᠴᠢ ᠶᠠᠩᠵᠢᠮ᠎ᠡ ᠶᠠᠷᠢᠨ᠎ᠠ᠃          ᠬᠠᠮᠳᠣ ᠨᠡᠶᠢᠲᠡ ᠶᠢᠨ ᠲᠥᠯᠦᠭᠡ ᠬᠠᠷᠠᠮ ᠦᠭᠡᠢ ᠵᠢᠳᠬᠦᠯ ᠬᠠᠨᠳᠢᠪ ᠢᠶᠠᠨ ᠡᠷᠭᠦᠵᠦ᠂ ᠴᠠᠭ ᠥᠶ᠎ᠡ ᠶᠢᠨ ᠢᠮ ᠲᠠᠮᠠᠭ᠎ᠠ ᠪᠣᠯᠵᠤ ᠬᠦᠮᠦᠨ ᠣᠯᠠᠨ ᠳᠠᠭᠠᠨ ᠲᠠᠨᠢᠭᠳᠠᠵᠤ ᠶᠠᠪᠤᠭᠰᠠᠨ ︽ᠲᠡᠮᠦᠷ ᠬᠡᠣᠬᠡᠨᠴᠦᠳ︾᠎ ᠤᠨ ᠮᠠᠨᠢ ᠬᠠᠮᠲᠤ ᠨᠠᠶᠢᠲᠡ ᠶᠢᠨ ᠢᠶᠠᠨ ᠲᠥᠯᠦᠭᠡ᠂ ᠠᠷᠠᠳ ᠲᠥᠮᠡᠨ ᠤ ᠪᠠᠨ ᠲᠥᠯᠦᠭᠡ ᠠᠯᠢᠪᠠ ᠪᠠᠨ ᠵᠤᠷᠢᠭᠤᠯᠬᠤ ᠠᠴᠠ ᠪᠤᠴᠠᠳᠠᠭ ᠦᠭᠡᠢ ᠡᠷᠬᠢᠮ ᠲᠡᠭᠡᠲᠦ ᠵᠤᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠵᠤ᠂ ᠦᠢᠯᠡᠳᠦᠯᠭᠡᠵᠢᠭᠦᠯᠦᠨ ᠵᠠᠯᠭᠠᠮᠵᠢᠯᠠᠬᠤ ᠪᠣᠯ ᠵᠠᠯᠠᠭᠤ ᠨᠢᠭᠡ ᠥᠶ᠎ᠡ ᠶᠢᠨ ᠬᠦᠮᠦᠰ ᠤᠨ ᠬᠠᠮᠲᠤ ᠶᠢᠨ ᠬᠠᠷᠢᠭᠤᠴᠠᠯᠭ᠎ᠠ ᠪᠠᠶᠢᠬᠤ ᠶᠤᠰᠤᠲᠠᠢ᠃         ᠲᠤᠰ ᠣᠳᠠᠭᠠᠨ ᠤ ᠠᠵᠢᠯᠯᠠᠭ᠎ᠠ ᠳᠤ᠂ ᠬᠤᠰᠢᠭᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠠᠩᠭᠢ ᠶᠢᠨ ᠣᠷᠠᠯᠢᠭ ᠤᠨ ᠪᠦᠯᠬᠦᠮ ᠠᠴᠠ ᠲᠠᠭᠤᠤ ᠬᠤᠭᠤᠷ᠂ ᠤᠷᠠᠨ ᠪᠦᠵᠢᠭ ᠢᠶᠠᠷ ᠢᠶᠠᠨ ᠭᠦᠭ ᠠᠶᠠᠰ ᠨᠡᠮᠡᠷᠢᠯᠡᠵᠦ ᠂ ᠬᠦᠳᠡᠯᠭᠡᠭᠡᠨ ᠢ ᠣᠯᠠᠮ ᠣᠳᠬ᠎ᠠ ᠲᠡᠭᠦᠯᠳᠡᠷ ᠪᠣᠯᠭᠠᠭᠰᠠᠨ ᠪᠠᠶᠢᠨ᠎ᠠ᠃ ᠠᠵᠢᠯᠯᠠᠭ᠎ᠠ ᠳᠤ ᠨᠡᠶᠢᠲᠡ 40 ᠭᠠᠷᠤᠢ ᠬᠦᠮᠦᠨ ᠤᠷᠤᠯᠴᠠᠵᠤ᠂ ᠲᠤᠬᠠᠢ ᠶᠢᠨ ᠥᠶ᠎ᠡ ᠶᠢᠨ ᠲᠡᠮᠦᠷ ᠬᠡᠤᠬᠡᠨᠴᠦᠳ ᠤᠨ ᠡᠷᠡᠰ ᠬᠠᠲᠠᠭᠤ᠂ ᠡᠭᠡᠯ ᠪᠤᠷᠤᠭᠵᠢᠭᠤᠨ᠂ ᠡᠷᠡᠰ ᠰᠢᠢᠳᠮᠡᠬᠡᠢ᠂ ᠠᠵᠢᠯᠴᠢ ᠱᠠᠯᠠᠮᠠᠭᠠᠢ ᠬᠡᠪ ᠰᠤᠷᠲᠠᠯ ᠢ ᠡᠷᠬᠢᠴᠡᠭᠦᠯᠦᠨ ᠳᠤᠷᠠᠳᠬᠠᠭᠰᠠᠨ ᠮᠠᠰᠢ ᠰᠠᠶᠢᠬᠠᠨ ᠬᠦᠳᠡᠯᠭᠡᠭᠡᠨ ᠪᠣᠯᠵᠤ ᠴᠢᠳᠠᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号