︽ᠮᠠᠨ ᠤ ᠭᠠᠴᠠᠭ᠎ᠠ ᠦᠪᠡᠷᠳᠡᠬᠡᠨ ᠬᠤᠯᠢᠮᠠᠭ ᠲᠡᠵᠢᠬᠡᠯ ᠪᠤᠷᠳᠤᠭ᠎ᠠ ᠪᠤᠯᠪᠠᠰᠤᠷᠠᠭᠤᠯᠬᠤ ᠦᠢᠯᠡᠳᠪᠤᠷᠢ | ᠪᠠᠶᠢᠭᠤᠯᠤᠭᠰᠡᠨ ᠠᠴᠠ ᠬᠡᠷ ᠤᠨ ᠡᠬᠦᠳᠠᠨ ᠠᠴᠠ ᠪᠠᠨ ᠴᠢᠨᠡᠷ ᠰᠠᠶᠢᠡᠳᠡᠢ᠂ ᠦᠨ᠎ᠠ ᠬᠢᠮᠳᠠ᠂ ᠰᠢᠡᠵᠢᠯᠡᠬᠦ ᠤᠬᠠᠭᠠᠡᠴᠢ | ᠨᠠᠶᠢᠷᠠᠯᠭ᠎ᠠ ᠲᠠᠢ ᠲᠡᠵᠢᠬᠡᠯ ᠪᠤᠷᠳᠤᠭ᠎ᠠ ᠬᠤᠳᠠᠯᠳᠤᠨ ᠠᠪᠴᠤ᠂ ᠮᠠᠯ ᠰᠦᠷᠦᠭ ᠲᠤ ᠪᠠᠨ ᠲᠤᠬᠢᠷᠠᠭᠰᠡᠨ ᠰᠠᠶᠢᠨ | ᠲᠡᠵᠢᠬᠡᠯ ᠰᠤᠩᠭᠤᠵᠤ ᠴᠢᠳᠠᠬᠤ ᠪᠤᠯᠤᠯ᠎ᠠ︾ ᠬᠡᠵᠤ ᠠᠪᠠᠭ᠎ᠠ ᠬᠤᠰᠢᠭᠤᠨ ᠤ ᠪᠠᠶᠠᠡᠳᠤᠭ ᠰᠤᠮᠤᠨ ᠤ ᠨᠤᠮᠤᠭᠠᠨ | ᠭᠠᠴᠠᠭᠠᠨ ᠤ ᠨᠠᠮ ᠤᠨ ᠡᠬᠦᠷ ᠤᠨ ᠱᠦᠵᠢ ᠠᠮᠤᠭᠤᠯᠠᠩ ᠪᠠᠶᠠᠷᠳᠡᠢ ᠤᠴᠢᠷᠯᠠᠨ᠎ᠠ᠃ | ᠬᠠᠳᠤᠯᠠᠩ ᠮᠠᠭᠤᠳᠠᠨ᠂ ᠮᠠᠯ ᠤᠨ ᠦᠨ᠎ᠠ ᠬᠠᠩᠰᠢ ᠲᠤᠭᠳᠠᠭᠤᠨ ᠪᠤᠰᠤ ᠪᠠᠶᠢᠬᠤ᠂ ᠡᠵᠡᠩᠨᠡᠯᠳᠡ ᠶᠢᠨ | ᠦᠪᠡᠷ ᠤᠨ ᠦᠷᠳᠡᠭ ᠪᠠ ᠲᠦᠭᠰᠢᠬᠦᠷᠢ ᠨᠡᠮᠡᠭᠳᠡᠵᠤ ᠪᠠᠶᠢᠬᠤ ᠵᠡᠷᠬᠡ ᠪᠠᠶᠢᠳᠠᠯ ᠢ ᠪᠦᠳᠤᠮᠵᠢᠳᠡᠢ ᠠᠷᠭᠠᠴᠠᠭᠠᠬᠤ ᠶᠢᠨ | ᠲᠦᠯᠤᠬᠡ᠂ ᠦᠢᠷ᠎ᠠ ᠶᠢᠨ ᠵᠢᠯ ᠳᠤ᠂ ᠠᠪᠠᠭ᠎ᠠ ᠬᠤᠰᠢᠭᠤ ᠤᠯᠠᠨ ᠲᠠᠯ᠎ᠠ ᠪᠠᠷ ᠪᠠᠶᠢᠴᠠᠭᠠᠨ ᠰᠤᠳᠤᠯᠤᠯᠳᠠ ᠬᠢᠵᠤ᠂ | ᠰᠢᠡᠵᠢᠯᠡᠨ ᠪᠠᠶᠢᠴᠠᠭᠠᠵᠤ ᠲᠤᠷᠰᠢᠯᠭ᠎ᠠ ᠰᠤᠯᠢᠯᠴᠠᠭᠰᠡᠨ ᠰᠠᠭᠤᠷᠢᠨ ᠲᠡᠬᠡᠷ᠎ᠠ᠂ ᠬᠤᠯᠢᠮᠠᠭ ᠲᠡᠵᠢᠬᠡᠯ ᠪᠤᠷᠳᠤᠭ᠎ᠠ | ᠪᠤᠯᠪᠠᠰᠤᠷᠠᠭᠤᠯᠤᠨ ᠪᠤᠷᠤᠯᠠᠭᠤᠯᠬᠤ ᠠᠵᠤ ᠠᠬᠤᠶᠢᠯᠡᠯ ᠢ ᠪᠠᠶᠢᠭᠤᠯᠬᠤ ᠪᠠᠷ ᠲᠠᠮᠵᠢᠭᠤᠯᠤᠨ᠂ ᠤᠯᠠᠮᠵᠢᠯᠡᠯᠳᠤ ᠲᠡᠵᠢᠬᠡᠨ | ᠠᠷᠠᠴᠢᠯᠠᠬᠤ ᠠᠷᠭ᠎ᠠ ᠬᠡᠯᠪᠡᠷᠢ ᠪᠠᠨ ᠪᠦᠳᠤᠮᠵᠢᠳᠡᠢ ᠬᠤᠪᠢᠷᠠᠭᠤᠯᠵᠤ᠂ ᠮᠠᠯᠵᠢᠬᠤ ᠦᠢᠯᠡᠳᠪᠤᠷᠢᠯᠡᠯ ᠤᠨ ᠲᠠᠷᠤᠯᠳᠠ ᠶᠢ | ᠤᠯᠠᠮ ᠨᠢᠬᠡ ᠠᠯᠬᠤᠮ ᠬᠦᠩᠬᠡᠷᠡᠬᠦᠯᠵᠤ᠂ ᠮᠠᠯᠴᠢᠳ ᠤᠨ ᠬᠦᠴᠢᠷᠳᠡᠯ ᠢ ᠰᠢᠢᠳᠪᠤᠷᠢᠯᠡᠬᠦ ᠳᠤ ᠪᠠᠳᠤᠯᠠᠭ᠎ᠠ ᠬᠠᠩᠭᠠᠪᠠ᠃ | | ᠤᠳᠤᠬᠠᠨ ᠪᠤᠯᠳᠠᠯ᠎ᠠ᠂ ᠠᠪᠠᠭ᠎ᠠ ᠬᠤᠰᠢᠭᠤ ᠨᠢᠬᠡᠨᠳᠡ ᠪᠦᠬᠦ ᠬᠤᠰᠢᠭᠤᠨ ᠤ ᠬᠡᠪᠴᠢᠶᠠᠨ ᠳᠤ ᠬᠤᠯᠢᠮᠠᠭ | ᠲᠠᠵᠢᠬᠡᠯ ᠪᠤᠷᠳᠤᠭ᠎ᠠ ᠪᠤᠯᠪᠠᠰᠤᠷᠠᠭᠤᠯᠬᠤ ᠦᠢᠯᠡᠳᠪᠤᠷᠢ 12 ᠢ ᠪᠠᠶᠢᠭᠤᠯᠵᠤ᠂ ᠨᠠᠶᠢᠳᠠ 0.83 ᠲᠦᠮᠡᠨ ᠲᠤᠨ ᠤ | ᠵᠠᠬᠢᠶᠠᠯᠠᠭ᠎ᠠ ᠶᠢ ᠬᠦᠯᠢᠶᠠᠨ ᠠᠪᠴᠠᠢ᠃ ᠪᠦᠬᠦ ᠬᠤᠰᠢᠭᠤᠨ ᠤ ᠬᠤᠯᠢᠮᠠᠭ ᠲᠠᠵᠢᠬᠡᠯ ᠪᠤᠷᠳᠤᠭ᠎ᠠ ᠪᠤᠯᠪᠠᠰᠤᠷᠠᠭᠤᠯᠬᠤ | ᠦᠢᠯᠡᠳᠪᠤᠷᠢ ᠨᠤᠭᠤᠳ ᠪᠦᠷ ᠶᠡᠭᠡ ᠬᠡᠮᠵᠢᠶᠠᠨ ᠤ ᠴᠢᠨᠡᠷ ᠰᠠᠶᠢᠳᠡᠢ ᠡᠪᠡᠰᠤ᠂ ᠨᠤᠭᠤᠭᠠᠨ ᠲᠠᠷᠤᠰᠢ᠂ ᠡᠷᠳᠡᠨᠢ ᠰᠢᠰᠢ᠂ | ᠲᠡᠵᠢᠬᠡᠯ ᠪᠤᠷᠳᠤᠭ᠎ᠠ ᠵᠡᠷᠬᠡ ᠲᠦᠬᠦᠬᠡᠢ ᠮᠠᠲ᠋ᠧᠷᠢᠶᠠᠯ ᠢ ᠬᠠᠳᠠᠭᠠᠯᠠᠵᠤ᠂ ᠪᠠᠰᠠ ᠲᠤᠮᠤ ᠬᠡᠯᠪᠡᠷᠢ ᠶᠢᠨ ᠨᠠᠶᠢᠷᠠᠬᠤ ᠮᠠᠰᠢᠨ | ᠂ ᠪᠤᠭᠤᠳᠠᠯᠯᠠᠬᠤ ᠮᠠᠰᠢᠨ ᠵᠡᠷᠬᠡ ᠰᠠᠭᠤᠷᠢ ᠲᠦᠬᠦᠬᠡᠷᠤᠮᠵᠢ ᠶᠢ ᠬᠤᠳᠠᠯᠳᠤᠨ ᠠᠪᠤᠭᠰᠡᠨ ᠪᠦᠬᠡᠳ ᠤᠯᠠᠷᠢᠯ ᠤᠨ | ᠬᠤᠪᠢᠷᠠᠯᠳᠠ᠂ ᠮᠠᠯ ᠰᠦᠷᠦᠭ ᠤᠨ ᠲᠦᠷᠤᠯ ᠵᠥᠢᠯ ᠪᠤᠯᠤᠨ ᠨᠠᠰᠤᠨ ᠤ ᠶᠡᠭᠡ ᠪᠠᠭ᠎ᠠ ᠶᠢ ᠦᠡᠳᠤᠰᠤᠯᠠᠨ ᠲᠤᠰ ᠭᠠᠵᠡᠷ | ᠤᠨ ᠦᠬᠡᠷ ᠬᠤᠨᠢᠨ ᠳᠤ ᠲᠤᠬᠢᠷᠠᠬᠤ ᠬᠤᠯᠢᠮᠠᠭ ᠲᠡᠵᠢᠬᠡᠯ ᠪᠤᠷᠳᠤᠭ᠎ᠠ ᠶᠢ ᠦᠢᠯᠡᠳᠪᠤᠷᠢᠯᠡᠵᠤ ᠪᠠᠶᠢᠨ᠎ᠠ᠃ | ᠠᠪᠠᠭ᠎ᠠ ᠬᠤᠰᠢᠭᠤ ᠭᠠᠮᠰᠢᠭ ᠠᠴᠠ ᠰᠡᠷᠬᠡᠶᠢᠯᠡᠵᠤ ᠬᠤᠬᠢᠷᠠᠯ ᠢ ᠪᠠᠭᠠᠰᠬᠠᠬᠤ ᠬᠢᠵᠠᠭᠠᠷ ᠲᠠᠢ ᠪᠡᠯᠡ ᠮᠦᠩᠬᠦ | ᠪᠠᠨ ᠤᠨᠤᠭᠰᠡᠨ ᠭᠠᠵᠡᠷ ᠲᠤᠨᠢ ᠬᠡᠷᠡᠭᠯᠡᠵᠤ ᠪᠠᠶᠢᠨ᠎ᠠ᠃ ᠡᠨ᠋ᠨ ᠵᠢᠯ ᠠᠴᠠ ᠨᠠᠰᠢ᠂ ᠲᠦᠪ ᠤᠨ ᠮᠠᠯ ᠲᠠᠷᠢᠶᠠᠯᠠᠩ ᠤᠨ | ᠭᠠᠮᠰᠢᠭ ᠠᠴᠠ ᠰᠡᠷᠬᠡᠶᠢᠯᠡᠵᠤ ᠬᠤᠬᠢᠷᠡᠯ ᠢ ᠪᠠᠭᠠᠰᠬᠠᠬᠤ 316 ᠲᠦᠮᠡᠨ ᠲᠦᠬᠦᠷᠢᠭ ᠤᠨ ᠪᠡᠯᠡ ᠮᠦᠩᠬᠦ ᠶᠢ ᠴᠠᠭ | ᠲᠤᠬᠠᠢ ᠳᠤᠨᠢ ᠲᠤᠭ᠎ᠠ ᠶᠤᠰᠤᠭᠠᠷ ᠨᠢ ᠪᠦᠬᠦᠨ ᠢ ᠡᠪᠡᠰᠤ ᠡᠵᠡᠩᠨᠡᠨ ᠪᠤᠷᠤᠯᠠᠭᠤᠯᠬᠤ ᠠᠵᠤ ᠠᠬᠤᠶᠢᠯᠡᠯ᠂ ᠬᠤᠯᠢᠮᠠᠭ | ᠲᠡᠵᠢᠬᠡᠯ ᠪᠤᠷᠳᠤᠭ᠎ᠠ ᠪᠤᠯᠪᠠᠰᠤᠷᠠᠭᠤᠯᠬᠤ ᠠᠵᠤ ᠠᠬᠤᠶᠢᠯᠡᠯ ᠪᠤᠶᠤ ᠮᠠᠯᠵᠢᠬᠤ ᠤᠷᠤᠨ ᠤ ᠬᠠᠮᠳᠤ ᠶᠢᠨ ᠬᠤᠪᠢ | ᠤᠷᠤᠭᠤᠯᠤᠭᠰᠡᠨ ᠠᠵᠤ ᠠᠬᠤᠢ ᠶᠢᠨ ᠬᠤᠷᠰᠢᠶᠠᠵᠢᠯ᠂ ᠮᠠᠯᠴᠢᠳ ᠤᠨ ᠲᠤᠰᠬᠠᠢ ᠬᠤᠷᠰᠢᠶᠠᠵᠢᠯ ᠵᠡᠷᠬᠡ ᠡᠵᠡᠩᠨᠡᠯᠳᠡ | ᠶᠢᠨ ᠭᠤᠤᠯ ᠴᠤᠭᠴᠠ ᠳᠤ ᠰᠠᠯᠭᠠᠨ ᠦᠭᠴᠤ᠂ 500 — 600 ᠡᠷᠤᠬᠡ ᠶᠢᠨ ᠮᠠᠯᠴᠢᠳ ᠲᠤ ᠠᠰᠢᠭ | ᠬᠦᠷᠳᠡᠬᠡᠪᠡ᠃ ᠡᠬᠦᠨ ᠤ ᠬᠠᠮᠳᠤ ᠲᠠᠳᠠᠨ ᠤ ᠬᠤᠯᠢᠮᠠᠭ ᠲᠠᠵᠢᠬᠡᠯ ᠪᠤᠷᠳᠤᠭ᠎ᠠ ᠦᠢᠯᠡᠳᠬᠦ ᠵᠢᠴᠢ ᠲᠤᠬᠢᠷᠠᠭᠤᠯᠤᠨ | ᠬᠦᠷᠬᠡᠬᠦ ᠦᠢᠯᠡᠴᠢᠯᠡᠭᠡ ᠦᠷᠨᠢᠬᠦᠯᠬᠦ ᠶᠢ ᠵᠤᠷᠢᠭᠵᠢᠭᠤᠯᠤᠨ ᠬᠦᠳᠤᠯᠤᠨ ᠵᠢᠯᠤᠭᠤᠳᠴᠤ᠂ ᠲᠤᠨ ᠪᠦᠷᠢ ᠶᠢ ᠵᠠᠬ᠎ᠠ | ᠲᠡᠯᠬᠡᠬᠦᠷ ᠤᠨ ᠦᠨ᠎ᠠ ᠶᠢᠨ ᠪᠠᠷᠢᠮᠵᠢᠶ᠎ᠠ ᠠᠴᠠ 200 ᠲᠦᠬᠦᠷᠢᠭ ᠬᠢᠮᠳᠠ ᠦᠨ᠎ᠠ ᠪᠠᠷ ᠮᠠᠨ ᠤ ᠬᠤᠰᠢᠭᠤ ᠮᠠᠯᠵᠢᠬᠤ | ᠡᠷᠤᠬᠡ ᠳᠤ ᠪᠠᠨ ᠪᠤᠷᠤᠯᠠᠭᠤᠯᠵᠤ ᠪᠠᠶᠢᠨ᠎ᠠ᠃ | ᠠᠪᠠᠭ᠎ᠠ ᠬᠤᠰᠢᠭᠤ ᠪᠠᠰᠠ ᠬᠤᠰᠢᠭᠤᠨ ᠤ ᠪᠠᠶᠢᠳᠠᠯ ᠢ ᠶᠠᠷᠤᠩᠬᠡᠶᠢᠯᠡᠨ ᠵᠠᠳᠠᠯᠵᠤ᠂ ᠭᠠᠮᠰᠢᠭ ᠠᠴᠠ | ᠰᠠᠷᠬᠡᠶᠢᠯᠡᠨ ᠬᠤᠬᠢᠷᠠᠯ ᠢ ᠪᠠᠭᠠᠰᠬᠠᠬᠤ᠂ ᠨᠠᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ᠂ ᠲᠤᠰᠬᠠᠢ ᠪᠡᠯᠡ ᠮᠦᠩᠬᠦ | ᠶᠢᠨ ᠬᠠᠮᠢᠶᠠᠷᠤᠯᠳᠠ ᠬᠡᠷᠡᠭᠯᠡᠯᠳᠡ ᠶᠢᠨ ᠡᠯ᠎ᠠ ᠲᠦᠷᠤᠯ ᠤᠨ ᠢᠵᠢ ᠪᠦᠷᠢᠳᠦᠭᠰᠡᠨ ᠲᠦᠰᠤᠯ ᠢ ᠲᠤᠭᠳᠠᠭᠠᠵᠤ᠂ ᠤᠯᠠᠨ | ᠴᠢᠳᠠᠮᠵᠢᠳᠤ ᠪᠤᠷᠳᠤᠭ᠎ᠠ ᠨᠠᠶᠢᠷᠠᠬᠤ ᠨᠡᠬᠦᠳᠠᠯ ᠮᠠᠶ᠋ᠢᠭ ᠤᠨ ᠮᠠᠰᠢᠨ ᠨᠢᠬᠡᠪᠤᠷᠢ ᠳᠤ 1.5 ᠲᠦᠮᠡᠨ ᠲᠦᠬᠦᠷᠢᠭ ᠤᠨ | ᠨᠦᠬᠦᠪᠤᠷᠢ ᠦᠭᠬᠦ ᠪᠠᠷᠢᠮᠵᠢᠶ᠎ᠠ ᠪᠠᠷ ᠨᠦᠬᠦᠪᠤᠷᠢ ᠦᠭᠪᠡ᠃ | ᠦᠢᠷ᠎ᠠ ᠶᠢᠨ ᠵᠢᠯ ᠠᠴᠠ᠂ ᠠᠪᠠᠭ᠎ᠠ ᠬᠤᠰᠢᠭᠤ ᠦᠪᠡᠷᠳᠡᠬᠡᠨ ᠵᠠᠰᠠᠬᠤ ᠤᠷᠤᠨ ᠤ ᠮᠠᠯᠵᠢᠬᠤ ᠤᠷᠤᠨ ᠤ | ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠪᠤᠯᠤᠭᠰᠡᠨ ᠠᠰᠢᠭᠳᠡᠢ ᠲᠤᠬᠢᠶᠠᠯ ᠢ | ᠵᠠᠪᠳᠤᠵᠤ᠂ ᠭᠤᠷᠪᠡᠨ ᠱᠠᠳᠤᠨ ᠤ ᠡᠪᠡᠰᠤ ᠪᠤᠷᠳᠤᠭ᠎ᠠ ᠨᠦᠬᠡᠴᠡᠯᠡᠨ ᠬᠤᠳᠠᠯᠳᠤᠬᠤ᠂ ᠦᠷ᠎ᠠ ᠶᠢᠨ ᠮᠠᠯ | ᠲᠦᠷᠢᠶᠠᠰᠤᠯᠡᠬᠦ᠂ ᠮᠡᠯ ᠡᠮᠨᠡᠯᠬᠡ ᠶᠢᠨ ᠦᠢᠯᠡᠴᠢᠯᠡᠭᠡ᠂ ᠰᠢᠨ᠎ᠠ ᠬᠡᠯᠪᠡᠷᠢ ᠶᠢᠨ ᠠᠵᠢᠯ ᠮᠡᠷᠬᠡᠵᠢᠯ ᠤᠨ ᠮᠠᠯᠴᠢᠳ ᠤᠨ | ᠪᠤᠯᠪᠠᠰᠤᠷᠠᠯ ᠵᠡᠷᠬᠡ 9 ᠲᠠᠯ᠎ᠠ ᠶᠢᠨ ᠨᠠᠶᠢᠬᠡᠮᠴᠢᠯᠡᠭᠰᠡᠨ ᠦᠢᠯᠡᠴᠢᠯᠡᠬᠡᠨ ᠤ ᠠᠵᠢᠯ ᠤᠨ ᠵᠠᠭᠪᠤᠷ ᠤᠨ ᠰᠢᠨ᠎ᠠ ᠶᠢ | ᠡᠬᠦᠳᠴᠠᠢ᠃ | 2020 ᠤᠨ ᠳᠤ ᠠᠩᠬᠠᠳᠠᠭᠴᠢ ᠡᠪᠡᠰᠤ ᠪᠤᠷᠳᠤᠭ᠎ᠠ ᠡᠵᠡᠩᠨᠡᠨ ᠪᠤᠷᠤᠯᠠᠭᠤᠯᠬᠤ ᠠᠵᠤ ᠠᠬᠤᠶᠢᠯᠡᠯ ᠢ | ᠪᠠᠶᠢᠭᠤᠯᠤᠭᠰᠡᠨ ᠠᠴᠠ ᠨᠠᠰᠢ᠂ ᠤᠬᠤᠷᠬᠠᠨ 4 ᠵᠢᠯ ᠤᠨ ᠬᠤᠭᠤᠴᠠᠭᠠᠨ ᠳᠤ᠂ ᠠᠪᠠᠭ᠎ᠠ ᠬᠤᠰᠢᠭᠤᠨ ᠤ ᠵᠠᠰᠠᠭ ᠤᠨ | ᠤᠷᠳᠤᠨ ᠠᠴᠠ ᠬᠦᠳᠤᠯᠤᠨ ᠵᠢᠯᠤᠭᠤᠳᠬᠤ᠂ ᠵᠠᠬ᠎ᠠ ᠲᠡᠯᠬᠡᠬᠦᠷᠴᠢᠯᠡᠨ ᠠᠵᠢᠯᠯᠠᠭᠤᠯᠬᠤ ᠬᠡᠯᠪᠡᠷᠢ ᠪᠠᠷ 1 ᠬᠤᠰᠢᠭᠤᠨ | ᠤ ᠲᠠᠰ᠂ 3 ᠰᠤᠮᠤ ᠪᠠᠯᠭᠠᠰᠤᠨ ᠤ ᠲᠠᠰ᠂ 25 ᠭᠠᠴᠠᠭᠠᠨ ᠤ ᠲᠠᠰ ᠤᠨ ᠡᠪᠡᠰᠤ ᠨᠦᠬᠡᠴᠢᠯᠡᠨ ᠪᠤᠷᠤᠯᠠᠭᠤᠯᠬᠤ | ᠰᠠᠭᠤᠷᠢᠨ ᠭᠠᠵᠡᠷ ᠢ ᠪᠠᠶᠢᠭᠤᠯᠵᠤ᠂ ᠬᠤᠰᠢᠭᠤ ᠲᠠᠰ ᠤᠨ ᠡᠪᠡᠰᠤ ᠨᠦᠬᠡᠴᠡᠯᠡᠨ ᠠᠷᠠᠯᠵᠢᠶᠠᠯᠠᠬᠤ ᠲᠦᠪ ᠢᠶᠠᠷ ᠭᠤᠤᠯ | ᠴᠤᠭᠴᠠ ᠪᠤᠯᠭᠠᠭᠰᠡᠨ᠂ ᠰᠤᠮᠤ ᠪᠠᠯᠭᠠᠰᠤᠨ ᠤ ᠬᠤᠪᠢᠶᠠᠷᠢ ᠲᠦᠪ ᠢᠶᠠᠷ ᠲᠤᠯᠬᠤ ᠴᠡᠭ ᠪᠤᠯᠭᠠᠭᠰᠡᠨ᠂ ᠬᠤᠷᠰᠢᠶᠠᠵᠢᠯ | ᠪᠠ ᠮᠠᠯᠵᠢᠬᠤ ᠡᠷᠤᠬᠡ ᠶᠢᠨ ᠡᠪᠡᠰᠤ ᠨᠦᠬᠡᠴᠡᠯᠡᠨ ᠬᠠᠳᠠᠭᠠᠯᠠᠬᠤ ᠫᠸᠡᠭ ᠢᠶᠠᠷ ᠨᠦᠬᠦᠪᠤᠷᠢ ᠪᠤᠯᠭᠠᠭᠰᠡᠨ ᠭᠤᠷᠪᠡᠨ | ᠱᠠᠳᠤᠨ ᠤ ᠡᠪᠡᠰᠤ ᠨᠦᠬᠡᠴᠡᠯᠡᠨ ᠵᠦᠬᠡᠬᠡᠪᠤᠷᠢᠯᠡᠬᠦ ᠨᠠᠶᠢᠬᠡᠮᠴᠢᠯᠡᠭᠰᠡᠨ ᠦᠢᠯᠡᠴᠢᠯᠡᠬᠡᠨ ᠤ ᠵᠠᠭᠪᠤᠷ ᠢ ᠪᠤᠢ ᠪᠤᠯᠭᠠᠪᠠ᠃ | ᠤᠳᠤᠬᠠᠨ ᠳᠤ᠂ ᠭᠠᠮᠰᠢᠭ ᠠᠴᠠ ᠰᠡᠷᠬᠡᠶᠢᠯᠡᠵᠤ ᠬᠤᠬᠢᠷᠠᠯ ᠢ ᠪᠠᠭᠠᠰᠬᠠᠬᠤ ᠲᠡᠵᠢᠬᠡᠯ ᠡᠪᠡᠰᠤ ᠪᠤᠷᠳᠤᠭ᠎ᠠ ᠶᠢ | ᠨᠦᠬᠡᠴᠡᠯᠡᠨ ᠪᠤᠷᠤᠯᠠᠭᠤᠯᠬᠤ ᠨᠡᠶᠢᠬᠡᠮᠴᠢᠯᠡᠭᠰᠡᠨ ᠦᠢᠯᠡᠴᠢᠯᠡᠬᠡᠨ ᠤ ᠵᠠᠭᠪᠤᠷ ᠪᠠᠴᠢᠮ ᠪᠠᠶᠢᠳᠠᠯ ᠢ ᠠᠷᠭᠠᠴᠠᠭᠠᠵᠤ | ᠭᠠᠮᠰᠢᠭ ᠲᠠᠢ ᠲᠠᠮᠠᠴᠠᠵᠤ ᠭᠠᠮᠰᠢᠭ ᠠᠴᠠ ᠠᠪᠤᠷᠠᠬᠤ ᠲᠦᠷᠢᠮ ᠤᠨ ᠴᠢᠨᠡᠷᠳᠡᠢ ᠭᠠᠮᠰᠢᠭ ᠠᠴᠠ ᠰᠡᠷᠬᠡᠶᠢᠯᠡᠵᠤ ᠬᠤᠬᠢᠷᠠᠯ | ᠢ ᠪᠠᠭᠠᠰᠬᠠᠬᠤ ᠲᠠᠰᠢ ᠬᠤᠪᠢᠷᠠᠬᠤ ᠶᠢ ᠪᠠᠶᠠᠯᠠᠬᠦᠯᠪᠠ᠃ ᠬᠤᠰᠢᠭᠤ ᠵᠠᠰᠠᠭ ᠤᠨ ᠤᠷᠳᠤᠨ ᠭᠤᠷᠪᠡᠨ ᠱᠠᠳᠤᠨ ᠤ | ᠡᠪᠡᠰᠤ ᠨᠦᠬᠡᠴᠡᠯᠡᠬᠦ ᠪᠠᠶᠢᠠᠭᠤᠯᠤᠮᠵᠢ ᠲᠠᠢ ᠬᠡᠯᠡᠯᠴᠡᠬᠡᠷ ᠲᠤᠭᠳᠠᠵᠤ᠂ ᠵᠢᠯ ᠪᠦᠷᠢ ᠶᠢᠨ 11 ᠰᠠᠷ᠎ᠠ ᠠᠴᠠ ᠡᠮᠤᠨ᠎ᠠ | ᠨᠦᠬᠡᠴᠡᠯᠡᠬᠦ ᠡᠬᠦᠷᠬᠡ ᠪᠠᠨ ᠪᠠᠶᠠᠯᠠᠬᠦᠯᠵᠤ᠂ ᠬᠤᠶᠠᠳᠤᠭᠠᠷ ᠵᠢᠯ ᠤᠨ 2 ᠰᠠᠷ᠎ᠠ ᠶᠢᠨ ᠰᠠᠬᠦᠯᠴᠢ ᠠᠴᠠ ᠡᠮᠤᠨ᠎ᠠ ᠭᠠᠮᠰᠢᠭ | ᠤᠨ ᠪᠠᠶᠢᠳᠠᠯ ᠦᠬᠡᠢ ᠪᠤᠯ ᠦᠪᠡᠷᠳᠡᠬᠡᠨ ᠬᠤᠳᠠᠯᠳᠤᠵᠤ ᠪᠤᠯᠤᠨ᠎ᠠ᠂ ᠭᠠᠮᠰᠢᠭ ᠤᠨ ᠪᠠᠶᠢᠳᠠᠯ ᠲᠤᠬᠢᠶᠠᠯᠳᠤᠪᠠᠯ ᠵᠠᠰᠠᠭ | ᠤᠨ ᠤᠷᠳᠤᠨ ᠠᠴᠠ ᠤᠤᠯ ᠤᠨ ᠦᠨ᠎ᠠ ᠪᠠᠷ ᠭᠠᠮᠰᠢᠭᠳᠠᠭᠰᠡᠨ ᠮᠠᠯᠵᠢᠬᠤ ᠡᠷᠤᠬᠡ ᠳᠤ ᠲᠠᠷᠬᠠᠭᠠᠨ ᠦᠭᠴᠤ᠂ ᠵᠠᠬ᠎ᠠ | ᠲᠡᠯᠬᠡᠬᠦᠷ ᠤᠨ ᠦᠨ᠎ᠠ ᠶᠢ ᠳᠡᠩᠴᠡᠭᠦᠷᠢᠰᠢᠭᠦᠯᠦᠨ᠂ ᠡᠪᠡᠰᠤᠨ ᠤ ᠦᠨ᠎ᠠ ᠶᠢ ᠲᠤᠭᠳᠠᠪᠤᠷᠢᠵᠢᠭᠤᠯᠤᠨ᠂ ᠬᠠᠩᠭᠠᠯᠭ᠎ᠠ | ᠶᠢ ᠪᠠᠳᠤᠯᠠᠵᠤ᠂ ᠵᠢᠯ ᠪᠦᠷᠢ ᠵᠤᠬᠢᠬᠤ ᠲᠤᠭ᠎ᠠ ᠪᠠᠷ ᠠᠵᠤ ᠠᠬᠤᠶᠢᠯᠡᠯ ᠳᠤ ᠨᠦᠬᠦᠪᠤᠷᠢ ᠤᠯᠭᠤᠨ᠎ᠠ᠃ ᠤᠳᠤᠬᠠᠨ ᠳᠤ | ᠂ ᠪᠦᠬᠦ ᠬᠤᠰᠢᠭᠤᠨ ᠤ ᠬᠢᠨ ᠪᠠᠴᠢᠮ ᠪᠠᠶᠢᠳᠠᠯ ᠢ ᠠᠷᠭᠠᠴᠠᠭᠠᠬᠤ ᠡᠪᠡᠰᠤ ᠶᠢ 2.39 ᠲᠦᠮᠡᠨ ᠲᠤᠨ ᠲᠦᠪᠯᠡᠷᠡᠬᠦᠯᠤᠨ | ᠨᠦᠬᠡᠴᠡᠯᠡᠵᠤ᠂ ᠭᠤᠷᠪᠡᠨ ᠱᠠᠳᠤᠨ ᠤ ᠡᠪᠡᠰᠤ ᠨᠦᠬᠡᠴᠡᠯᠡᠬᠦ ᠪᠠᠶᠢᠭᠤᠯᠤᠮᠵᠢ ᠶᠢᠨ ᠵᠢᠯ ᠪᠦᠷᠢ ᠶᠢᠨ ᠡᠪᠡᠰᠤ | ᠨᠦᠬᠡᠴᠡᠯᠡᠬᠦ ᠴᠢᠳᠠᠪᠤᠷᠢ ᠨᠢ 3 ᠲᠦᠮᠡᠨ ᠲᠤᠨ ᠳᠤ ᠬᠦᠷᠴᠤ᠂ ᠪᠦᠬᠦ ᠬᠤᠰᠢᠭᠤᠨ ᠤ 50% ᠠᠴᠠ ᠲᠡᠬᠡᠭᠰᠢᠬᠢ | ᠮᠠᠯᠵᠢᠬᠤ ᠡᠷᠤᠬᠡ ᠶᠢᠨ ᠪᠠᠴᠢᠮ ᠬᠡᠷᠡᠭᠴᠡᠭᠡ ᠶᠢ ᠬᠠᠩᠭᠠᠵᠤ ᠲᠠᠶᠢᠯᠤᠨ᠎ᠠ᠃ ᠡᠬᠦᠨ ᠤ ᠬᠠᠮᠳᠤ᠂ ᠠᠵᠤ ᠠᠬᠤᠶᠢᠯᠡᠯ | ᠠᠴᠠ ᠮᠠᠯᠴᠢᠳ ᠲᠤ ᠡᠯ᠎ᠠ ᠭᠠᠵᠡᠷ ᠤᠨ ᠦᠨ᠎ᠠ ᠬᠠᠩᠰᠢ ᠨᠢ ᠠᠳᠠᠯᠢ ᠪᠤᠰᠤ ᠡᠪᠡᠰᠤ ᠬᠠᠩᠭᠠᠨ᠂ ᠰᠤᠩᠭᠤᠯᠳᠠ ᠬᠢᠬᠦ | ᠤᠷᠤᠨ ᠵᠠᠢ ᠶᠢ ᠦᠷᠬᠡᠨ ᠪᠠᠶᠢᠯᠭᠠᠨ᠂ 3 ᠵᠢᠯ ᠳᠤ 36 ᠲᠦᠮᠡᠨ ᠲᠤᠨ ᠡᠪᠡᠰᠤᠨ ᠤ ᠠᠷᠠᠯᠵᠢᠶ᠎ᠠ ᠶᠢ ᠪᠠᠶᠠᠯᠡᠬᠦᠯᠵᠤ᠂ | ᠮᠠᠯᠴᠢᠳ ᠤᠨ ᠲᠡᠵᠢᠬᠡᠨ ᠠᠷᠠᠴᠢᠯᠠᠬᠤ ᠦᠪᠡᠷ ᠤᠨ ᠦᠷᠳᠡᠭ ᠢ 1000 ᠲᠦᠮᠡᠨ ᠲᠦᠬᠦᠷᠢᠭ ᠠᠷᠪᠢᠯᠠᠵᠠᠢ᠃ | ᠡᠨ᠋ᠨ ᠵᠢᠯ᠂ ᠠᠪᠠᠭ᠎ᠠ ᠬᠤᠰᠢᠭᠤ ᠨᠠᠶᠢᠬᠡᠮᠴᠢᠯᠡᠭᠰᠡᠨ ᠦᠢᠯᠡᠴᠢᠯᠡᠭᠡ ᠪᠠᠨ ᠤᠯᠠᠮ ᠨᠢᠬᠡ ᠠᠯᠬᠤᠮ | ᠤᠷᠳᠤᠳᠬᠠᠵᠤ᠂ ᠬᠤᠯᠢᠮᠠᠭ ᠲᠡᠵᠢᠬᠡᠯ ᠪᠤᠷᠳᠤᠭ᠎ᠠ ᠪᠤᠯᠪᠠᠰᠤᠷᠠᠭᠤᠯᠤᠨ᠂ ᠮᠠᠯᠵᠢᠬᠤ ᠡᠷᠤᠬᠡ ᠳᠤ ᠰᠢᠮ᠎ᠠ ᠲᠡᠵᠢᠬᠡᠯ | ᠦᠡᠳᠤᠷ᠂ ᠦᠨ᠎ᠠ ᠬᠠᠩᠰᠢ ᠨᠢ ᠬᠢᠮᠳᠠ ᠮᠦᠷᠳᠡᠬᠡᠨ ᠲᠡᠵᠢᠬᠡᠬᠦ ᠳᠤ ᠲᠦᠬᠦᠮ ᠪᠤᠷᠳᠤᠭ᠎ᠠ ᠬᠠᠩᠭᠠᠵᠤ᠂ ᠪᠦᠬᠦ | ᠬᠤᠰᠢᠭᠤᠨ ᠤ ᠮᠠᠯ ᠪᠡᠯᠴᠢᠬᠡᠷ ᠤᠨ ᠠᠵᠤ ᠦᠢᠯᠡᠰ ᠤᠨ ᠦᠷᠬᠦᠯᠵᠢᠯᠡᠨ ᠲᠤᠭᠳᠠᠭᠤᠨ ᠢᠶᠠᠷ ᠬᠦᠭᠵᠢᠬᠦ ᠶᠢ ᠪᠠᠳᠤᠯᠠᠵᠤ᠂ | ᠡᠪᠡᠰᠤ ᠪᠤᠷᠳᠤᠭ᠎ᠠ ᠶᠢᠨ ᠪᠦᠬᠦ ᠠᠵᠤ ᠦᠢᠯᠡᠰ ᠤᠨ ᠬᠡᠯᠬᠢᠶᠠᠵᠢᠯ ᠤᠨ ᠬᠦᠭᠵᠢᠯᠳᠠ ᠶᠢᠨ ᠬᠤᠶᠢᠰᠢᠳᠠ ᠶᠢᠨ ᠵᠤᠪᠠᠨᠢᠯ | ᠢ ᠠᠷᠢᠯᠭᠠᠭᠰᠡᠨ ᠪᠠᠶᠢᠨ᠎ᠠ᠃ |