ᠠᠪᠠᠭ᠎ᠠ ᠬᠤᠰᠢᠭᠤ ᠤᠮᠠᠷᠡᠳᠤ ᠬᠢᠯᠢ ᠶᠢᠨ ᠰᠤᠶᠤᠯ ᠢ ᠬᠦᠭᠵᠢᠬᠦᠯᠬᠦ ᠠᠯᠳᠠᠨ ᠦᠵᠦᠭ ᠪᠢᠷ ᠤᠨ ᠴᠢᠭᠤᠯᠭᠠᠨ — ᠴᠠᠭᠠᠨ ᠰᠠᠷ᠎ᠠ ᠶᠢᠨ ᠬᠤᠤᠰ ᠤᠶᠠᠩᠭ᠎ᠠ ᠬᠦᠷᠬᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/1/12
       ᠰᠢᠨ᠎ᠠ ᠤᠨ ᠤ ᠠᠯᠳᠠᠨ ᠪᠤᠱᠤᠭ᠎ᠠ ᠶᠢ ᠦᠯᠵᠠᠢ ᠬᠡᠶᠢᠮᠤᠷᠢ ᠲᠠᠢ ᠠᠯᠬᠤᠵᠤ᠂ ᠴᠠᠭᠠᠨ ᠰᠠᠷ᠎ᠠ ᠪᠠᠨ ᠦᠬᠡᠳᠡ ᠬᠡᠶᠢᠮᠤᠷᠢ ᠲᠠᠢ ᠤᠭᠳᠤᠬᠤ ᠪᠠᠷ ᠪᠠᠶᠢᠭ᠎ᠠ ᠡᠨ᠋ᠨ ᠮᠦᠴᠠ ᠳᠤ᠂ ᠤᠯᠠᠨ ᠲᠦᠮᠡᠨ ᠤ ᠰᠤᠶᠤᠯ ᠤᠨ ᠠᠮᠢᠳᠤᠷᠡᠯ ᠢ ᠬᠦᠭᠵᠢᠶᠠᠡᠳᠡᠢ ᠪᠤᠯᠭᠠᠬᠤ ᠶᠢᠨ ᠲᠤᠰᠠᠳᠠ᠂ 1 ᠰᠠᠷ᠎ᠠ ᠶᠢᠨ 9 ᠤ ᠡᠳᠤᠷ᠂ ᠬᠤᠰᠢᠭᠤ ᠤᠳᠬ᠎ᠠ ᠤᠷᠠᠯᠢᠭ ᠤᠨ ᠬᠢᠨ  ᠤ ᠬᠤᠯᠪᠤᠭ᠎ᠠ᠂ ᠬᠤᠰᠢᠭᠤ ᠨᠤᠮ ᠤᠨ ᠰᠠᠩ ᠬᠠᠮᠳᠤᠷᠠᠨ ᠤᠮᠠᠷᠡᠳᠤ ᠬᠢᠯᠢ ᠶᠢᠨ ᠰᠤᠶᠤᠯ ᠢ ᠬᠦᠭᠵᠢᠬᠦᠯᠬᠦ ᠠᠯᠳᠠᠨ ᠦᠵᠦᠭ ᠪᠢᠷ ᠤᠨ ᠴᠢᠭᠤᠯᠭᠠᠨ —— ᠴᠠᠭᠠᠨ ᠰᠠᠷ᠎ᠠ ᠶᠢᠨ ᠬᠤᠤᠰ ᠤᠶᠠᠩᠭ᠎ᠠ ᠬᠦᠷᠬᠡᠬᠦ ᠠᠵᠢᠯᠯᠠᠭ᠎ᠠ ᠬᠤᠰᠢᠭᠤ ᠨᠤᠮ ᠤᠨ ᠰᠠᠩ ᠳᠤ ᠬᠦᠭᠵᠢᠶᠠᠨ ᠲᠠᠢ ᠶᠠᠪᠤᠭᠳᠠᠪᠠ᠃        ᠲᠤᠰ ᠤᠳᠠᠭᠠᠨ ᠤ ᠠᠵᠢᠯᠯᠠᠭ᠎ᠠ ᠳᠤ ᠦᠪᠤᠷ ᠮᠤᠩᠭᠤᠯ ᠤᠨ ᠤᠷᠠᠨ ᠪᠢᠴᠢᠯᠬᠡᠴᠢᠳ ᠤᠨ ᠨᠠᠶᠢᠬᠡᠮᠯᠢᠭ ᠤᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠮᠤᠩᠭᠤᠯ ᠤᠷᠠᠨ ᠪᠢᠴᠢᠯᠬᠡᠴᠢᠳ ᠤᠨ ᠨᠠᠶᠢᠬᠡᠮᠯᠢᠭ ᠤᠨ ᠲᠡᠳ᠋ ᠲᠠᠷᠢᠬᠦᠯᠡᠭᠴᠢ ᠠᠨᠢᠰᠤ᠂ ᠦᠪᠡᠷᠳᠡᠬᠡᠨ ᠵᠠᠰᠠᠬᠤ ᠤᠷᠤᠨ ᠤ ᠮᠤᠩᠭᠤᠯ ᠤᠷᠠᠨ ᠪᠢᠴᠢᠯᠬᠡᠴᠢᠳ ᠤᠨ ᠨᠠᠶᠢᠬᠡᠮᠯᠢᠭ ᠤᠨ ᠲᠡᠳ᠋ ᠲᠡᠷᠢᠬᠦᠯᠡᠭᠴᠢ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠲᠡᠳ᠋ ᠲᠡᠷᠢᠬᠦᠯᠡᠭᠴᠢ᠂ ᠵᠤᠬᠢᠶᠠᠯᠴᠢᠳ ᠤᠨ ᠨᠠᠶᠢᠬᠡᠮᠯᠢᠭ ᠤᠨ ᠲᠠᠷᠢᠬᠦᠯᠡᠭᠴᠢ ᠵᠤ᠂ ᠬᠠᠰᠠᠠᠭᠤᠯᠠ᠂ ᠮᠠᠯᠴᠢᠨ ᠤᠷᠠᠯᠢᠭᠴᠢᠳ᠂ ᠰᠠᠶᠢᠯᠪᠤᠷᠢᠴᠢᠨ ᠢ᠊᠂ ᠪᠤᠯᠤᠳ ᠢ ᠲᠤᠰᠬᠠᠶᠢᠯᠠᠨ ᠤᠷᠢᠵᠤ᠂ ᠠᠬᠤᠢ ᠲᠠᠯᠠᠪᠠᠢ ᠳᠤ ᠤᠷᠠᠨ ᠪᠢᠴᠢᠯᠬᠡ ᠶᠢᠨ ᠰᠢᠳᠢ ᠶᠢ ᠬᠠᠷᠠᠭᠤᠯᠤᠨ᠂ ᠤᠷᠠᠨ ᠪᠢᠴᠢᠯᠬᠡ ᠳᠤ ᠪᠠᠭ᠋ᠠᠳᠡᠢ ᠪᠠᠭ᠎ᠠ ᠰᠤᠷᠭᠠᠭᠤᠯᠢ ᠶᠢᠨ ᠰᠤᠷᠤᠭᠴᠢᠳ ᠵᠢᠴᠢ ᠬᠡᠷ ᠤᠨ ᠠᠬᠠᠮᠠᠳ ᠪᠤᠯᠤᠨ ᠮᠠᠯᠴᠢᠨ ᠲᠦᠮᠡᠨ ᠤ ᠰᠤᠨᠢᠷᠬᠠᠯ ᠢ ᠶᠡᠬᠡᠳᠡ ᠲᠠᠳᠠᠭᠰᠡᠨ ᠪᠠᠶᠢᠨ᠎ᠠ᠃        ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠷᠠᠨ ᠪᠢᠴᠢᠯᠬᠡᠴᠢᠳ  ᠦᠰᠤᠨ ᠪᠢᠷ ᠬᠤᠷᠤᠶᠢᠯᠠᠨ᠂ ᠢᠳᠡᠬᠡᠯ ᠵᠤᠷᠢᠭ ᠪᠠᠳᠠᠷᠠᠭᠤᠨ᠂ ᠰᠡᠳᠬᠢᠯ ᠤᠨ ᠲᠠᠶᠢᠪᠤᠡᠭ᠂ ᠪᠢᠷ ᠤᠨ ᠭᠤᠶᠢᠳᠠ ᠶᠢ ᠬᠠᠷᠠᠭᠤᠯᠤᠩᠬᠠᠨ ᠴᠢᠩ ᠰᠡᠳᠬᠢᠯ ᠤᠨ ᠬᠦᠰᠠᠯ ᠵᠦᠩᠨᠠᠯ ᠢᠶᠠᠨ ᠦᠯᠵᠡᠢ ᠪᠡᠯᠬᠡ ᠲᠠᠢ ᠬᠤᠤᠰ ᠤᠶᠠᠩᠭ᠎ᠠ ᠪᠤᠯᠭᠠᠨ ᠪᠢᠴᠢᠵᠤ᠂ ᠠᠬᠤᠢ ᠲᠠᠯᠠᠪᠠᠢ ᠳᠤ ᠬᠦᠷᠤᠯᠴᠠᠨ ᠢᠷᠡᠭᠰᠡᠨ ᠤᠷᠠᠨ ᠪᠢᠴᠢᠯᠬᠡ ᠳᠤ ᠪᠠᠭ᠋ᠠᠳᠡᠢ ᠬᠦᠮᠤᠰ ᠲᠤ ᠬᠦᠷᠬᠡᠵᠡᠢ᠃ ᠬᠤᠷᠡᠨ ᠴᠤᠭᠯᠠᠷᠠᠭᠰᠡᠨ ᠤᠯᠠᠨ ᠲᠦᠮᠡᠨ ᠮᠠᠨᠢ ᠤᠷᠠᠨ ᠪᠢᠴᠢᠯᠬᠡ ᠶᠢᠨ ᠵᠤᠬᠢᠶᠠᠨ ᠪᠦᠳᠤᠬᠡᠯᠬᠡ ᠶᠢ ᠰᠤᠨᠢᠷᠬᠠᠬᠤ ᠶᠢᠨ ᠲᠠᠭᠠᠤ ᠳᠤ ᠦᠪᠡᠷᠰᠡᠳ ᠤᠨ ᠲᠤᠭᠤᠭᠰᠡᠨ ᠬᠤᠤᠰ ᠤᠶᠠᠩᠭ᠎ᠠ ᠪᠠᠨ ᠰᠤᠩᠭᠤᠵᠤ᠂ ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠶᠠᠷ ᠬᠦᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃        ᠪᠢᠷ ᠪᠡᠭᠡ ᠪᠠᠷ ᠢᠷᠤᠬᠡᠯ ᠵᠦᠩᠨᠡᠯ ᠲᠠᠪᠰᠢᠬᠦᠯᠦᠭᠰᠡᠨ ᠡᠨᠡᠬᠦ ᠠᠵᠢᠯᠯᠠᠭ᠎ᠠ ᠪᠠᠷ ᠲᠠᠮᠵᠢᠭᠤᠯᠤᠨ ᠤᠯᠠᠨ ᠲᠦᠮᠡᠨ ᠳᠤ ᠪᠠᠶᠠᠷ ᠤᠨ ᠡᠳᠤᠷ ᠤᠨ ᠠᠭᠤᠷ ᠠᠮᠢᠰᠬᠤᠯ ᠢ ᠤᠷᠢᠳᠴᠢᠯᠡᠨ ᠮᠡᠳᠡᠷᠬᠦᠯᠦᠭᠰᠡᠨ ᠢᠶᠠᠷ ᠪᠠᠷᠠᠬᠤ ᠦᠬᠡᠢ᠂ ᠦᠡᠳᠤᠰᠤᠨ ᠱᠠᠳᠤᠨ ᠤ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠬᠤ᠂ ᠡᠶ᠎ᠡ ᠵᠤᠬᠢᠴᠠᠯ ᠲᠠᠢ ᠨᠠᠶᠢᠬᠡᠮ ᠤᠨ ᠪᠠᠶᠢᠭᠤᠯᠤᠯᠳᠠ ᠶᠢ ᠠᠬᠢᠭᠤᠯᠬᠤ᠂ ᠤᠮᠠᠷᠡᠳᠤ ᠬᠢᠯᠢ ᠶᠢᠨ ᠰᠤᠶᠤᠯ ᠢ ᠪᠠᠳᠠᠷᠠᠭᠤᠯᠬᠤ ᠳᠤ ᠪᠠᠰᠠ ᠨᠢᠬᠡ ᠬᠤᠪᠢ ᠶᠢᠨ ᠬᠦᠴᠤᠨ ᠨᠠᠮᠠᠷᠢᠯᠡᠬᠦ ᠶᠢ ᠵᠤᠷᠢᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号