34 ᠵᠢᠯ ᠬᠢᠯᠢ ᠰᠠᠬᠢᠭ᠎ᠠ ᠬᠠᠯᠠᠭᠳᠠᠭᠰᠡᠨ ᠴᠡᠷᠢᠭ ᠬᠠᠰᠪᠠᠭᠠᠳᠤᠷ
ᠨᠡᠶᠢᠲᠡᠯᠡᠭᠰᠡᠨ ᠴᠠᠭ᠄
2024/1/16
       ᠠᠪᠠᠭ᠎ᠠ ᠬᠤᠰᠢᠭᠤᠨ ᠤ ᠪᠠᠶᠠᠡᠳᠤᠭ ᠰᠤᠮᠤᠨ ᠤ ᠨᠤᠮᠤᠭᠠᠨ ᠭᠠᠴᠠᠭᠠᠨ ᠳᠤ ᠨᠢᠬᠡᠨ ᠴᠡᠷᠢᠭ ᠠᠴᠠ ᠬᠠᠯᠠᠭᠳᠠᠭᠰᠡᠨ ᠬᠢᠯᠢ ᠶᠢᠨ ᠬᠠᠮᠠᠭᠠᠯᠠᠭᠴᠢ ᠪᠠᠶᠢᠳᠠᠭ᠃ ᠲᠡᠬᠦᠨ ᠢ ᠬᠠᠰᠪᠠᠭᠠᠳᠤᠷ ᠬᠡᠳᠡᠭ᠃ 34 ᠵᠢᠯ ᠢ ᠨᠢᠬᠡ ᠯᠡ ᠡᠳᠤᠷ ᠮᠠᠳᠤ ᠪᠠᠷ᠂ ᠤᠯᠤᠰ ᠤᠷᠤᠨ ᠢᠶᠠᠨ ᠬᠠᠮᠠᠭᠠᠯᠠᠬᠤ ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠠᠨ ᠦᠬᠡ ᠲᠠᠭᠤᠨ ᠦᠬᠡᠢ ᠪᠠᠷ ᠬᠦᠢᠴᠡᠳᠬᠡᠵᠤ᠂ ᠡᠬᠡ ᠤᠯᠤᠰ ᠤᠨ ᠬᠢᠯᠢ ᠬᠢᠵᠠᠭᠠᠷ ᠤᠨ ᠠᠮᠤᠷ ᠲᠤᠭᠳᠠᠭᠤᠨ ᠢ ᠢ ᠬᠠᠮᠠᠭᠠᠯᠠᠵᠤ ᠂ ᠦᠪᠡᠷ ᠤᠨ ᠬᠡᠷᠡᠯ ᠬᠢᠯᠪᠠᠭ᠎ᠠ ᠪᠠᠨ ᠰᠠᠴᠤᠷᠠᠭᠤᠯᠵᠤ ᠶᠠᠪᠤᠨ᠎ᠠ᠃ ᠴᠡᠷᠢᠭ ᠠᠴᠠ ᠬᠠᠯᠠᠭᠳᠠᠭᠰᠡᠨ ᠴᠤ ᠴᠡᠷᠢᠭ ᠰᠡᠳᠬᠢᠯ ᠬᠤᠪᠢᠷᠠᠰᠢ ᠦᠬᠡᠢ᠂ ᠬᠢᠯᠢ ᠬᠢᠵᠠᠭᠠᠷ ᠤᠨ ᠡᠬᠦᠷᠢᠳᠡ ᠶᠢᠨ ᠬᠠᠮᠠᠭᠠᠯᠠᠭᠴᠢ ᠪᠤᠯᠬᠤ ᠪᠠᠷ ᠮᠠᠷᠠᠶᠢᠨ᠎ᠠ       1990 ᠤᠨ ᠤ 3 ᠰᠠᠷ᠎ᠠ ᠳᠤ᠂ ᠴᠡᠷᠢᠭ ᠠᠴᠠ ᠪᠠᠨ ᠬᠠᠯᠠᠭᠳᠠᠵᠤ ᠨᠤᠳᠤᠭ ᠲᠠᠭᠠᠨ ᠪᠤᠴᠠᠭᠰᠡᠨ ᠲᠠᠷᠡ ᠰᠠᠨᠠᠭᠠᠴᠢᠯᠠᠭ᠎ᠠ ᠠᠴᠠ ᠪᠠᠨ ᠡᠷᠤᠬᠡ ᠶᠢᠨ ᠴᠡᠷᠢᠭ ᠲᠤ ᠤᠷᠤᠬᠤ ᠪᠠᠷ ᠭᠤᠶᠤᠴᠢᠯᠠᠵᠤ᠂ ᠰᠢᠯᠢ ᠶᠢᠨ ᠭᠤᠤᠯ ᠤᠨ ᠬᠢᠯᠢ ᠎ ᠶᠢᠨ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠬᠢᠯᠢ ᠶᠢᠨ ᠬᠠᠮᠠᠭᠠᠯᠠᠭᠴᠢ ᠪᠤᠯᠪᠠ᠃ ᠬᠡᠳᠤᠶᠢᠪᠡᠷ ᠴᠡᠷᠢᠭ ᠤᠨ ᠬᠤᠪᠴᠠᠰᠤ ᠪᠠᠨ ᠲᠠᠶᠢᠯᠤᠭᠰᠡᠨ ᠪᠤᠯᠪᠠᠴᠤ ᠴᠡᠷᠢᠭ ᠬᠦᠮᠤᠨ ᠤ ᠡᠬᠡ ᠤᠯᠤᠰ ᠲᠤ ᠪᠠᠨ ᠵᠢᠳᠬᠦᠬᠦ ᠬᠠᠯᠠᠭᠤᠨ ᠰᠡᠳᠬᠢᠯ ᠎ ᠨᠢ ᠡᠬᠦᠷᠢᠳᠡ ᠲᠤᠡᠳᠠᠷᠠᠰᠢ ᠦᠬᠡᠢ᠃ ᠨᠤᠮᠤᠭᠠᠨ ᠭᠠᠴᠠᠭ᠎ᠠ ᠲᠤᠮᠳᠠᠴᠢ ᠪᠠᠷ ᠲᠠᠯᠠᠢ ᠶᠢᠨ ᠲᠦᠪᠰᠢᠨ ᠠᠴᠠ ᠲᠡᠬᠡᠭᠰᠢ 1000 ᠮᠧᠲᠷ ᠡᠷᠬᠦᠭᠳᠡᠵᠤ᠂ ᠬᠠᠬᠢᠷ ᠬᠦᠢᠳᠡᠨ ᠭᠠᠵᠡᠷ ᠤᠷᠤᠨ ᠳᠤ ᠬᠠᠷᠢᠶᠠᠯᠠᠭᠳᠠᠵᠤ᠂ ᠬᠦᠮᠤᠨ ᠠᠮᠠ ᠴᠦᠬᠡᠨ᠂ ᠬᠠᠪᠤᠷ ᠲᠤ ᠪᠠᠨ ᠰᠠᠯᠬᠢ ᠶᠡᠬᠡᠳᠡᠢ᠂ ᠡᠪᠤᠯ ᠳᠤ ᠪᠠᠨ ᠴᠠᠰᠤ ᠰᠢᠭᠤᠷᠭ᠎ᠠ ᠶᠡᠬᠡᠳᠡᠢ᠂ ᠬᠠᠮᠤᠭ ᠤᠨ ᠬᠦᠢᠳᠡᠨ ᠦᠶ᠎ᠠ ᠎ ᠳᠤ ᠲᠤᠯᠠᠭᠠᠨ ᠤ ᠬᠡᠮᠵᠢᠶ᠎ᠠ ᠲᠡᠭ ᠠᠴᠠ ᠲᠤᠷᠤᠭᠰᠢ 45 ᠭᠷᠠᠳᠦ᠋ᠰ ᠲᠤ ᠬᠦᠷᠳᠡᠭ᠂ ᠡᠶᠢᠮᠤᠷᠬᠦ ᠬᠦᠡᠳᠤ ᠬᠡᠴᠡᠬᠦᠦ ᠤᠷᠴᠢᠨ ᠨᠦᠬᠦᠴᠠᠯ ᠨᠢ ᠬᠠᠰᠪᠠᠭᠠᠳᠤᠷ ᠤᠨ ᠵᠤᠷᠢᠭ ᠢ ᠮᠤᠬᠤᠭᠠᠵᠤ ᠴᠢᠳᠠᠭ᠎ᠠ ᠦᠬᠡᠢ᠂ ᠲᠡᠷᠡ ᠶᠠᠮᠠᠷᠴᠤ ᠲᠦᠳᠡᠬᠡᠯᠵᠡᠯ ᠦᠬᠡᠢ ᠪᠠᠷ ᠦᠪᠡᠷ ᠤᠨ ᠤᠯᠤᠰ ᠬᠡᠷ ᠢᠶᠠᠨ ᠬᠠᠮᠠᠭᠠᠯᠠᠬᠤ ᠬᠦᠰᠠᠯ ᠵᠡᠬᠦᠳᠤ ᠪᠠᠨ ᠲᠡᠷᠬᠡᠯᠰᠢᠬᠦᠯᠬᠦ ᠠᠶᠠᠯᠠᠯ ᠢᠶᠠᠨ ᠡᠬᠢᠯᠡᠬᠦᠯᠵᠡᠢ᠃       ᠲᠡᠷᠡ ᠦᠶ᠎ᠠ ᠳᠤ ᠡᠯ᠎ᠠ ᠲᠠᠯ᠎ᠠ ᠶᠢᠨ ᠰᠠᠭᠤᠷᠢ ᠨᠦᠬᠦᠴᠠᠯ ᠮᠠᠰᠢ ᠠᠨᠠᠢ᠂ ᠬᠠᠰᠪᠠᠭᠠᠳᠤᠷ ᠬᠢᠯᠢ ᠴᠠᠭᠳᠠᠬᠤ ᠎ ᠠᠴᠠ ᠭᠠᠴᠠᠭᠠᠨ ᠤᠨᠤᠭᠠᠷᠢ ᠶᠢᠨ ᠮᠤᠷᠢ ᠢ ᠪᠠᠶᠢᠵᠤ᠂ ᠡᠳᠤᠷ ᠪᠦᠷᠢ ᠨᠠᠭᠠᠳᠤ ᠵᠠᠬ᠎ᠠ ᠳᠠᠭᠠᠨ ᠨᠢᠬᠡ ᠤᠳᠠᠭ᠎ᠠ ᠬᠢᠯᠢ ᠎ ᠶᠢ ᠲᠤᠭᠤᠷᠢᠨ ᠴᠠᠭᠳᠠᠵᠤ᠂ ᠨᠢᠬᠡ ᠤᠳᠠᠭ᠎ᠠ ᠴᠠᠭᠳᠠᠬᠤ ᠳᠤ ᠬᠤᠶᠡᠷ ᠭᠤᠷᠪᠡᠨ ᠴᠠᠭ ᠬᠡᠷᠡᠭᠰᠡᠳᠡᠭ᠃ ᠬᠠᠪᠤᠷ ᠤᠨ ᠲᠤᠭᠰᠢᠨ ᠰᠠᠯᠬᠢ᠂ ᠡᠪᠤᠯ ᠤᠨ ᠬᠠᠬᠢᠷ ᠬᠦᠢᠳᠡᠨ᠂ ᠴᠠᠰᠤ ᠰᠢᠭᠤᠷᠭᠠᠨ ᠢ ᠶᠡᠷᠤ ᠨᠢ ᠬᠠᠶᠢᠬᠤᠷᠤᠯ ᠦᠬᠡᠢ ᠡᠳᠤᠷ ᠪᠦᠷᠢ ᠬᠢᠯᠢ ᠴᠠᠭᠳᠠᠬᠤ ᠠᠵᠢᠯ ᠢᠶᠠᠨ ᠶᠠᠷᠤᠨᠢ ᠲᠠᠰᠤᠯᠳᠠᠭᠤᠯᠵᠤ ᠦᠵᠡᠭᠡ ᠦᠬᠡᠢ ᠮᠦᠷᠳᠡᠬᠡᠨ ᠦᠪᠡᠷ ᠤᠨ ᠰᠤᠯᠠ ᠴᠠᠭ ᠢᠶᠠᠨ ᠪᠦᠬᠦᠨ ᠢ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠲᠡᠬᠡᠷ᠎ᠠ ᠵᠠᠷᠤᠴᠠᠭᠤᠯᠳᠠᠭ᠃      ᠴᠡᠷᠢᠭ ᠠᠴᠠ ᠬᠠᠯᠠᠭᠳᠠᠭᠰᠡᠨ ᠴᠤ ᠦᠡᠳᠤᠰᠤ ᠨᠢ ᠪᠠᠳᠤ᠂ ᠲᠠᠯ᠎ᠠ ᠨᠤᠳᠤᠭ ᠤᠨ ᠰᠠᠬᠢᠨ ᠬᠠᠮᠠᠭᠠᠯᠠᠭᠴᠢ ᠪᠤᠯᠬᠤ ᠪᠠᠷ ᠴᠢᠷᠮᠠᠶᠢᠨ᠎ᠠ      2011 ᠤᠨ ᠠᠴᠠ ᠡᠬᠢᠯᠡᠨ᠂ ᠵᠢᠯ ᠲᠠᠷᠠᠭᠠᠯᠠᠨ ᠤᠯᠠᠰᠢᠷᠠᠵᠤ ᠪᠠᠶᠢᠭ᠎ᠠ ᠬᠢᠯᠢ ᠲᠠᠪᠠᠭᠰᠡᠨ ᠨᠤᠳᠤᠭ ᠪᠠᠯᠴᠢᠬᠡᠷ ᠎ ᠤᠨ ᠭᠠᠯ ᠲᠦᠢᠮᠠᠷ ᠲᠤ ᠴᠢᠭᠯᠡᠬᠦᠯᠤᠨ᠂ ᠬᠠᠰᠪᠠᠭᠠᠳᠤᠷ ᠵᠠᠰᠠᠭ ᠤᠨ ᠤᠷᠳᠤᠨ ᠤ ᠤᠷᠢᠶᠠᠯᠠᠭ᠎ᠠ ᠶᠢ ᠴᠤᠤᠷᠢᠶᠠᠳᠤᠨ ᠲᠠᠭᠠᠵᠤ᠂ ᠡᠷᠬᠢᠨ ᠲᠤᠭᠤᠷᠢᠨ ᠤ ᠮᠠᠯᠴᠢᠨ ᠵᠠᠯᠠᠭᠤᠴᠤᠳ ᠢᠶᠠᠨ ᠢᠳᠡᠪᠬᠢᠳᠡᠢ ᠪᠠᠷ ᠵᠤᠬᠢᠶᠠᠨ ᠪᠠᠶᠢᠭᠤᠯᠤᠨ ︽ᠠᠯᠪᠠᠨ ᠵᠢᠷᠤᠮ ᠤᠨ ᠭᠠᠯ ᠤᠡᠳᠠᠷᠠᠭᠠᠬᠤ ᠠᠩᠬᠢ︾ ᠪᠠᠶᠢᠭᠤᠯᠵᠤ᠂ ᠮᠠᠯᠴᠢᠨ ᠬᠡᠰᠢᠬᠦᠳ ᠢᠶᠠᠨ ᠲᠠᠭᠠᠭᠤᠯᠤᠨ ᠤᠷᠢᠳ ᠬᠤᠵᠢᠳ 20 ᠭᠠᠷᠤᠢ ᠤᠳᠠᠭᠠᠨ ᠤ ᠨᠤᠳᠤᠭ ᠪᠠᠯᠴᠢᠬᠡᠷ ᠤᠨ ᠭᠠᠯ ᠲᠦᠢᠮᠡᠷ ᠢ ᠠᠮᠵᠢᠯᠳᠠ ᠲᠠᠢ ᠪᠠᠷ ᠤᠡᠳᠡᠷᠠᠭᠠᠭᠰᠡᠨ ᠠᠴᠠ ᠬᠦᠮᠤᠰ ᠲᠡᠬᠦᠨ ᠢ ︽ᠭᠠᠯ ᠤᠨ ᠠᠬ᠎ᠠ︾ ᠬᠡᠵᠤ ᠲᠤᠳᠤᠨᠤᠴᠢᠯᠡᠨ ᠲᠠᠭᠤᠳᠠᠳᠠᠭ ᠪᠤᠯᠵᠠᠢ᠃ 30 ᠭᠠᠷᠤᠢ ᠵᠢᠯ ᠤᠨ ᠲᠤᠷᠰᠢ᠂ ᠲᠡᠷᠡ ᠴᠡᠷᠢᠭ ᠴᠠᠭᠳᠠᠭ᠎ᠠ ᠠᠷᠡᠳ ᠤᠨ ᠬᠠᠮᠳᠤᠷᠠᠭᠰᠡᠨ ᠲᠤᠭᠤᠷᠢᠨ ᠴᠠᠭᠳᠠᠬᠤ ᠶᠡᠭᠡ ᠪᠠᠭ᠎ᠠ ᠠᠵᠢᠯᠯᠠᠭ᠎ᠠ ᠳᠤ ᠮᠢᠩᠭ᠎ᠠ ᠭᠠᠷᠤᠢ ᠤᠳᠠᠭ᠎ᠠ ᠤᠷᠤᠯᠴᠠᠵᠤ᠂ ᠲᠠᠯ᠎ᠠ ᠨᠤᠳᠤᠭ ᠤᠨ ᠭᠠᠯ ᠲᠦᠢᠮᠡᠷ ᠢ ᠵᠠᠭᠤ ᠰᠢᠬᠠᠮ ᠤᠳᠠᠭ᠎ᠠ ᠤᠡᠳᠠᠷᠠᠭᠠᠵᠠᠢ᠃ ︽ᠭᠠᠯ ᠤᠨ ᠠᠬ᠎ᠠ︾ ᠮᠠᠨᠢ ᠭᠠᠯ ᠤᠡᠳᠠᠷᠠᠭᠠᠵᠤ ᠴᠢᠳᠠᠬᠤ ᠪᠠᠷ ᠪᠠᠷᠠᠬᠤ ᠦᠬᠡᠢ᠂ ᠡᠪᠤᠯ ᠪᠤᠯᠭᠠᠨ ᠤ ᠨᠢᠭᠤᠷ ᠨᠢᠳᠤ ᠦᠬᠡᠢ ᠰᠢᠭᠤᠷᠠᠭᠠᠯᠠᠭᠰᠡᠨ ᠡᠳᠤᠷ ᠲᠤᠬᠢᠶᠠᠬᠤ ᠪᠦᠷᠢ ᠬᠢᠯᠢ ᠪᠠᠷ ᠲᠤᠭᠤᠷᠢᠨ ᠴᠠᠭᠳᠠᠬᠤ ᠤᠳᠠᠭ᠎ᠠ ᠪᠠᠨ ᠨᠡᠮᠡᠭᠳᠡᠬᠦᠯᠵᠤ ᠂ ᠤᠯᠠᠨ ᠤᠳᠠᠭ᠎ᠠ ᠬᠢᠯᠢ ᠤᠷᠴᠢᠮ ᠤᠷᠤᠭᠤᠳᠠᠵᠤ ᠬᠦᠷᠦᠭᠰᠡᠨ ᠮᠠᠯ ᠤᠨᠤᠭ᠎ᠠ ᠶᠢ ᠬᠠᠰᠢᠵᠤ ᠠᠪᠴᠢᠷᠠᠭᠰᠡᠨ ᠶᠤᠮ᠃ ᠪᠦᠷᠢᠳᠬᠡᠯ ᠢ ᠦᠡᠳᠤᠰᠤᠯᠠᠪᠠᠯ᠂ ᠡᠳᠡᠬᠡᠷ ᠵᠢᠯ ᠤᠳ ᠲᠤ ᠲᠡᠬᠦᠨ ᠤ ᠬᠢᠯᠢ ᠠᠴᠠ ᠬᠠᠰᠢᠵᠤ ᠠᠪᠴᠢᠷᠠᠭᠰᠡᠨ ᠪᠤᠳᠠ ᠮᠠᠯ 10000 ᠭᠠᠷᠤᠢ ᠪᠠᠷ ᠲᠤᠭᠠᠯᠠᠭᠳᠠᠨ᠎ᠠ᠃ ᠦᠨᠤ ᠡᠪᠤᠯ ᠴᠠᠰᠤ ᠶᠡᠬᠡᠳᠡᠢ ᠪᠠᠶᠢᠵᠤ᠂ ᠵᠠᠮ ᠲᠦᠭᠵᠢᠷᠠᠨ᠂ ᠶᠠᠪᠤᠵᠤ ᠰᠠᠭᠤᠬᠤ ᠳᠤ ᠲᠦᠬᠦᠮ ᠦᠬᠡᠢ ᠪᠠᠶᠢᠳᠠᠯ ᠲᠤᠤᠷ᠎ᠠ ᠲᠠᠷᠡ ᠠᠷᠡᠳ ᠤᠨ ᠴᠠᠭᠳᠠᠭ᠎ᠠ ᠶᠢ ᠬᠠᠪᠰᠤᠷᠤᠨ ᠮᠠᠰᠢᠨ ᠲᠡᠷᠬᠡ ᠶᠢ ᠠᠪᠤᠷᠠᠨ ᠲᠤᠰᠠᠯᠠᠬᠤ ᠠᠵᠢᠯᠯᠠᠭ᠎ᠠ ᠦᠷᠨᠢᠬᠦᠯᠬᠦ ᠶᠢ ᠰᠠᠨᠠᠭᠠᠴᠢᠯᠠᠭ᠎ᠠ ᠠᠴᠠ ᠪᠠᠨ ᠲᠤᠷᠠᠳᠴᠤ᠂ ᠴᠠᠰᠤᠨ ᠳᠤ ᠬᠠᠰᠢᠭᠳᠠᠭᠰᠡᠨ ᠤᠯᠠᠨ ᠲᠦᠮᠡᠨ ᠳᠤ ︽ᠠᠮᠤᠷ ᠲᠦᠪᠰᠢᠨ ᠵᠠᠮ︾᠎ ᠢ ᠤᠳᠠᠭ᠎ᠠ ᠲᠠᠷᠠᠭᠠᠯᠠᠨ ᠰᠠᠭᠠᠳ ᠦᠬᠡᠢ ᠨᠠᠪᠳᠠᠷᠠᠬᠦᠯᠵᠤ ᠦᠭᠬᠦᠭᠰᠡᠨ ᠪᠠᠶᠢᠨ᠎ᠠ᠃      ᠠᠵᠢᠯ ᠤᠨ ᠪᠠᠶᠢᠷᠢ ᠪᠠᠨ ᠪᠠᠳᠤ ᠰᠠᠬᠢᠵᠤ᠂ ᠡᠬᠦᠷᠬᠡ ᠬᠠᠷᠢᠭᠤᠴᠠᠯᠭ᠎ᠠ ᠪᠠᠨ ᠬᠢᠴᠢᠶᠠᠩᠬᠦᠶᠢᠯᠡᠨ ᠬᠦᠢᠴᠡᠳᠬᠡᠵᠤ᠂ ᠪᠤᠳᠠᠳᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ ᠢᠯᠡᠷᠡᠬᠦᠯᠤᠨ᠎ᠠ      ᠬᠠᠰᠪᠠᠭᠠᠳᠤᠷ ᠬᠦᠮᠤᠨ ᠲᠠᠨᠢᠬᠤ ᠳᠤ ᠪᠠᠨ ᠬᠢᠷᠠᠬᠠᠢ᠂ ᠭᠠᠵᠡᠷ ᠲᠠᠨᠢᠬᠤ ᠳᠤ ᠪᠠᠨ ᠴᠢᠳᠠᠮᠠᠭᠠᠢ᠂ ᠪᠠᠶᠢᠳᠠᠯ ᠢ ᠠᠵᠢᠬᠤ ᠳᠤ ᠪᠠᠨ ᠰᠡᠷᠬᠡᠭ ᠪᠠᠶᠢᠳᠠᠭ ᠠᠴᠠ ᠲᠤᠮᠢᠯᠠᠭᠰᠡᠨ ᠰᠠᠯᠪᠤᠷᠢ ᠶᠢᠨ ᠠᠷᠡᠳ ᠤᠨ ᠴᠠᠭᠳᠠᠭ᠎ᠠ ᠶᠢᠨ ᠡᠷᠤᠬᠡ ᠳᠤ ᠬᠦᠡᠵᠡᠬᠡᠶᠢᠷᠡᠨ ᠤᠬᠠᠭᠤᠯᠬᠤ᠂ ᠠᠪᠤᠷᠡᠨ ᠲᠤᠰᠠᠯᠠᠬᠤ᠂ ᠵᠦᠷᠢᠴᠡᠯ ᠵᠢᠭᠤᠷᠠᠭᠠᠨ ᠢ ᠰᠢᠢᠳᠪᠤᠷᠢᠯᠡᠬᠦ ᠵᠡᠷᠬᠡ ᠠᠵᠢᠯ ᠳᠤ ᠦᠷᠬᠦᠯᠵᠢ ᠬᠠᠪᠰᠤᠷᠴᠤ᠂ ᠬᠢᠯᠢ ᠶᠢᠨ ᠬᠠᠮᠠᠭᠠᠯᠠᠭᠴᠢ ᠶᠢᠨ ᠬᠢᠯᠢ ᠶᠢᠨ ᠡᠮᠤᠨ᠎ᠠ ᠹᠷᠤᠡᠲ ᠲᠠᠬᠢ ᠠᠵᠢᠬᠯᠠᠭᠴᠢ᠂᠂ ᠮᠡᠳᠡᠭᠡ ᠵᠠᠩᠬᠢᠴᠢ᠂ ᠤᠷᠢᠳᠴᠢᠯᠡᠨ ᠰᠡᠷᠡᠮᠵᠢᠯᠡᠬᠦᠯᠦᠭᠴᠢ ᠪᠤᠯᠬᠤ ᠡᠬᠦᠷᠬᠡ ᠴᠢᠳᠠᠪᠬᠢ ᠪᠠᠨ ᠬᠦᠢᠴᠡᠳ ᠪᠠᠳᠠᠷᠠᠭᠤᠯᠵᠤ᠂ ᠨᠤᠮᠤᠭᠠᠨ ᠭᠠᠴᠠᠭᠠᠨ ᠤ 19.5 ᠺᠢᠯᠤᠮᠧᠲᠷ ᠤᠨ ᠬᠢᠯᠢ ᠶᠢᠨ ᠱᠤᠭᠤᠮ ᠤᠨ ᠦᠡᠴᠦᠭ ᠪᠤᠯᠤᠩ ᠪᠦᠬᠦᠨ ᠳᠤ ᠲᠡᠬᠦᠨ ᠎ ᠤ ᠬᠢᠯᠢ ᠴᠠᠭᠳᠠᠭᠰᠡᠨ ᠤᠯᠠ ᠮᠦᠷ ᠦᠯᠡᠳᠡᠵᠤ ᠪᠠᠶᠢᠳᠠᠭ᠃      2023 ᠤᠨ ᠤ 10 ᠰᠠᠷ᠎ᠠ ᠶᠢᠨ ᠡᠬᠢ ᠪᠠᠷ᠂ ᠬᠠᠰᠪᠠᠭᠠᠳᠤᠷ ᠤᠤᠯ ᠤᠨ ᠬᠢ ᠲᠠᠢ ᠪᠠᠨ ᠠᠳᠠᠯᠢ ᠪᠠᠷ ᠬᠢᠯᠢ ᠴᠠᠭᠳᠠᠵᠤ ᠪᠠᠷᠠᠭᠰᠡᠨ ᠤ ᠲᠠᠷᠠᠭ᠎ᠠ ᠬᠡᠷ ᠲᠡᠭᠡᠨ ᠬᠠᠷᠢᠵᠤ᠂ ᠬᠡᠷ ᠤᠨ ᠬᠦᠮᠤᠰ ᠲᠠᠢ ᠪᠠᠨ ᠵᠤᠭᠤᠭᠳᠠᠬᠤ ᠲᠤᠮᠳᠠ ᠪᠠᠨ ᠨᠢᠬᠡ ᠭᠠᠳᠠᠭᠠᠳᠤ ᠶᠢᠨ ᠬᠦᠮᠤᠨ ᠲᠦᠷᠤᠯ ᠰᠠᠳᠤᠨ ᠢᠶᠠᠨ ᠡᠷᠬᠢᠵᠤ ᠦᠵᠡᠬᠦ ᠪᠠᠷ ᠢᠷᠡᠭᠰᠡᠨ ᠢ ᠤᠯᠵᠤ ᠮᠠᠳᠠᠪᠠ᠃ ᠬᠠᠰᠪᠠᠭᠠᠳᠤᠷ ᠲᠡᠷᠡ ᠲᠠᠷᠤᠢ ᠳᠤᠨᠢ ᠲᠤᠮᠢᠯᠠᠭᠰᠡᠨ ᠰᠠᠯᠪᠤᠷᠢ ᠳᠤ ᠮᠡᠳᠡᠬᠦᠯᠵᠤ᠂ ᠠᠷᠡᠳ ᠤᠨ ᠴᠠᠭᠳᠠᠭ᠎ᠠ ᠲᠠᠷᠠ ᠬᠦᠮᠤᠨ ᠤ ᠠᠶᠢᠯᠴᠢᠯᠠᠵᠤ ᠢᠷᠡᠭᠰᠡᠨ ᠲᠡᠮᠳᠡᠭᠯᠡᠯ ᠢ ᠪᠠᠶᠢᠴᠠᠭᠠᠨ ᠦᠵᠡᠭᠰᠡᠨ ᠳᠤ᠂ ᠲᠡᠬᠦᠨ ᠤ ᠮᠠᠨ ᠤ ᠤᠯᠤᠰ ᠤᠨ ᠬᠢᠯᠢ ᠳᠤ ᠪᠠᠶᠢᠬᠤ ᠴᠠᠭ ᠨᠢ ᠨᠢᠬᠡᠨᠳᠡ ᠲᠤᠭᠳᠠᠭᠰᠡᠨ ᠴᠠᠭ ᠠᠴᠠ ᠪᠠᠨ ᠬᠡᠳᠤᠷᠡᠵᠤ ᠪᠤᠴᠠᠭ᠎ᠠ ᠦᠬᠡᠢ ᠪᠠᠶᠢᠬᠤ ᠪᠤᠯᠬᠤᠷ ᠲᠤᠮᠢᠯᠠᠭᠰᠡᠨ ᠰᠠᠯᠪᠤᠷᠢ ᠲᠡᠷᠡ ᠲᠠᠷᠤᠢ ᠳᠤᠨᠢ ᠨᠠᠷᠢᠨ ᠪᠠᠶᠢᠴᠠᠭᠠᠵᠤ᠂ ᠬᠠᠤᠯᠢ ᠶᠤᠰᠤᠭᠠᠷ ᠬᠦᠢᠴᠡᠳᠬᠡᠭᠰᠡᠨ ᠪᠠᠶᠢᠨ᠎ᠠ᠃      ᠬᠠᠰᠪᠠᠭᠠᠳᠤᠷ ᠪᠤᠳᠠᠳᠤ ᠦᠢᠯᠡ ᠠᠵᠢᠯᠯᠠᠭ᠎ᠠ ᠪᠠᠷ ᠢᠶᠠᠨ ᠦᠪᠡᠷ ᠤᠨ ᠤᠯᠤᠰ ᠬᠡᠷ ᠢᠶᠠᠨ ᠬᠠᠮᠠᠭᠠᠯᠠᠬᠤ ᠠᠮᠠᠯᠠᠯᠳᠠ ᠪᠠ ᠬᠦᠬᠡᠬᠡᠴᠡᠯᠳᠤᠯ ᠢᠶᠠᠨ ᠦᠢᠯᠡᠳᠤᠯᠬᠡᠵᠢᠬᠦᠯᠵᠤ᠂ ᠪᠤᠷᠤᠭᠵᠢᠭᠤᠨ ᠦᠢᠯᠡ ᠠᠵᠢᠯᠯᠠᠭ᠎ᠠ ᠪᠠᠷ ᠢᠶᠠᠨ ᠬᠢᠯᠢ ᠬᠠᠮᠠᠭᠠᠯᠠᠭᠴᠢ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠡᠬᠡᠯ ᠵᠢᠷ ᠤᠨ ᠠᠵᠢᠯ ᠤᠨ ᠪᠠᠶᠢᠷᠢ ᠲᠡᠬᠡᠷ᠎ᠠ ᠎ ᠪᠠᠨ ᠶᠠᠷᠤ ᠪᠤᠰᠤ ᠶᠢᠨ ᠴᠤᠭ ᠵᠢᠪᠬᠤᠭ᠎ᠠ ᠪᠠᠨ ᠢᠡᠯᠷᠡᠬᠦᠯᠵᠤ᠂ ᠬᠢᠯᠢ ᠬᠢᠵᠠᠭᠠᠷ ᠤᠷᠤᠨ ᠤ ᠡᠶ᠎ᠡ ᠵᠤᠬᠢᠴᠠᠩᠭᠤᠢ ᠲᠤᠭᠳᠠᠭᠤᠨ ᠳᠤ ᠬᠦᠴᠤᠨ ᠴᠢᠳᠠᠯ ᠢᠶᠠᠨ ᠡᠷᠬᠦᠭᠰᠡᠬᠡᠷ ᠢᠷᠡᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号