ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠤᠷᠤᠭᠰᠢᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/1/16
       1 ᠰᠠᠷ᠎ᠠ ᠶᠢᠨ 11 ᠤ ᠡᠳᠦᠷ᠂ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠣᠯᠣᠳᠪᠠᠭᠠᠳᠤᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠵᠠᠩ ᠰᠢᠦᠢ ᠳ᠋ᠦᠩ᠂ ᠡᠷᠳᠡᠨᠢ᠂ ᠾᠧ ᠴᠧᠩ ᠬᠤᠸᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃       ᠬᠤᠷᠠᠯ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ︾ ᠪᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠦᠪᠯᠡᠷᠡᠭᠦᠯᠦᠨ ᠰᠤᠷᠤᠯᠴᠠᠪᠠ᠃       ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ︽ᠠᠪᠠᠭ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠵᠢᠱᠢᠭᠳᠡᠭᠴᠢ ᠲᠥᠷᠥᠯ ᠵᠦᠢᠯ ᠤᠨ ᠲᠣᠳᠣᠷᠬᠠᠶᠢᠯᠠᠯᠲᠠ︾ ᠶᠢ ᠰᠣᠨᠣᠰᠴᠤ ᠬᠢᠨᠠᠨ ᠵᠥᠪᠯᠡᠪᠡ︔ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠠᠮᠢᠶ᠎ᠠ ᠪᠦᠬᠦᠢ ᠤᠴᠢᠷ︔ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠤᠷᠠᠯᠳᠤᠬᠤ ᠴᠠᠭ ᠢ ᠪᠠᠲᠤᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号