ᠬᠤᠯᠢᠮᠠᠭ ᠲᠡᠵᠢᠬᠡᠯ ᠪᠤᠷᠳᠤᠭ᠎ᠠ ᠨᠠᠶᠢᠷᠠᠵᠤ ᠮᠠᠯ ᠰᠦᠷᠦᠭ ᠲᠤ ᠪᠠᠨ ᠲᠤᠬᠢᠷᠠᠭᠤᠯᠤᠨ ᠲᠠᠵᠢᠬᠡᠵᠤ ᠪᠠᠶᠢᠭ᠎ᠠ ᠮᠠᠯᠴᠢᠨ ᠰᠤᠷᠳᠠᠯᠳᠤ ᠶᠢᠨ ᠨᠠᠡᠳᠢᠨ ᠳᠤᠷᠰᠢᠯᠭ᠎ᠠ
ᠨᠡᠶᠢᠲᠡᠯᠡᠭᠰᠡᠨ ᠴᠠᠭ᠄
2024/1/18
        ᠠᠪᠠᠭ᠎ᠠ ᠬᠤᠰᠢᠭᠤᠨ ᠤ ᠨᠠᠷᠠᠡᠪᠤᠯᠠᠭ ᠰᠤᠮᠤᠨ ᠤ ᠪᠠᠶᠠᠡᠰᠢᠯᠢ ᠭᠠᠴᠠᠭᠠᠨ ᠤ ᠮᠠᠯᠴᠢᠨ ᠰᠤᠷᠳᠠᠯᠳᠤ ᠶᠢᠨ ᠎ ᠬᠢᠨ 1 ᠲᠦᠮᠡ 4320 ᠮᠤ᠋ ᠨᠤᠳᠤᠭ ᠲᠠᠢ᠂ 300 ᠬᠠᠪᠳᠠᠭᠠᠢ ᠲᠦᠷᠪᠡᠯᠵᠢᠨ ᠮᠧᠲᠷ ᠲᠠᠯᠠᠪᠠᠢ ᠪᠦᠬᠦᠢ ᠫᠸᠡᠭ ᠰᠠᠷᠠᠪᠴᠢ᠂ ᠲᠤᠯᠠᠭᠠᠨ ᠫᠸᠡᠭ᠂ ᠡᠪᠡᠰᠤ ᠬᠠᠳᠠᠭᠠᠯᠠᠬᠤ ᠫᠸᠡᠭ ᠵᠡᠷᠬᠡ ᠰᠠᠭᠤᠷᠢ ᠪᠦᠳᠤᠬᠡᠨ ᠪᠠᠶᠢᠭᠤᠯᠤᠯᠳᠠ ᠲᠠᠢ ᠲᠦᠪᠬᠢᠨᠡᠬᠦᠨ ᠰᠠᠶᠢᠬᠠᠨ ᠠᠶᠢᠯ ᠪᠠᠶᠢᠯ᠎ᠠ᠃ ᠲᠠᠳᠠᠨ ᠤ ᠬᠢᠨ ᠢᠶᠠᠷ ᠬᠦᠷᠬᠦ ᠳᠤ ᠰᠤᠷᠳᠠᠯᠳᠤ ᠶᠠᠭ ᠦᠪᠡᠷ ᠢᠶᠠᠨ ᠨᠠᠶᠢᠷᠠᠭᠰᠡᠨ ᠬᠤᠯᠢᠮᠠᠭ ᠲᠠᠵᠢᠬᠡᠯ ᠪᠤᠷᠳᠤᠭ᠎ᠠ ᠪᠠᠷ ᠢᠶᠠᠨ ᠦᠬᠡᠷ ᠢᠶᠠᠨ ᠲᠡᠵᠢᠬᠡᠵᠤ ᠪᠠᠶᠢᠬᠤ ᠲᠠᠢ ᠲᠠᠭᠠᠷᠠᠯᠳᠤᠯ᠎ᠠ᠃         ᠨᠤᠳᠤᠭ ᠪᠠᠯᠴᠢᠬᠡᠷ᠂ ᠠᠮᠢ ᠠᠬᠤᠢ ᠪᠠᠨ ᠪᠦᠳᠤᠮᠵᠢᠳᠡᠢ ᠬᠠᠮᠠᠭᠠᠯᠠᠵᠤ᠂ ᠨᠠᠩ ᠦᠡᠳᠤᠷ ᠠᠵᠤ ᠠᠬᠤᠢ ᠎ ᠶᠢᠨ ᠠᠰᠢᠭ ᠤᠷᠤᠯᠭ᠎ᠠ ᠡᠬᠦᠳᠬᠦ ᠡᠬᠦᠳᠠᠨ ᠠᠴᠠ᠂ ᠦᠢᠷ᠎ᠠ ᠶᠢᠨ ᠵᠢᠯ ᠤᠳ ᠲᠤ᠂ ᠰᠤᠷᠳᠠᠯᠳᠤ ᠦᠬᠡᠷ ᠤᠨ ᠢᠶᠠᠨ ᠡᠬᠦᠯᠳᠡᠷ ᠢ ᠰᠢᠯᠢᠳᠡᠭᠵᠢᠬᠦᠯᠵᠤ᠂ ᠤᠳᠤ ᠪᠤᠯᠬᠤ ᠳᠤ 70 ᠦᠬᠡᠷ ᠨᠢ ᠴᠦᠮ ᠰᠢᠮᠧᠨ᠋ᠲ᠋ᠠᠷ ᠡᠬᠦᠯᠳᠡᠷ ᠤᠨ ᠪᠤᠯᠤᠭᠰᠡᠨ ᠪᠠᠶᠢᠳᠠᠭ᠃ ᠲᠡᠷᠡ ᠡᠯ᠎ᠠ ᠱᠠᠳᠤᠨ ᠤ ᠭᠠᠷ ᠬᠡᠬᠡᠯᠳᠤᠬᠦᠯᠬᠡ ᠶᠢᠨ ᠪᠤᠯᠪᠠᠰᠤᠷᠠᠯ ᠢᠶᠠᠷ ᠢᠳᠡᠪᠬᠢᠯᠡᠨ ᠤᠷᠤᠯᠴᠠᠵᠤ ᠪᠠᠶᠢᠳᠠᠭ ᠨᠢ ᠪᠠᠰᠠᠴᠤ ᠮᠠᠯ ᠠᠵᠤ ᠠᠬᠤᠢ ᠶᠢᠨ ᠬᠡᠷᠡᠭᠯᠡᠬᠡᠨ ᠤ ᠮᠡᠷᠬᠡᠵᠢᠯ ᠢ ᠰᠠᠶᠢᠳᠤᠷ ᠡᠵᠡᠮᠰᠢᠵᠤ ᠦᠢᠯᠡᠳᠤᠯᠬᠡᠵᠢᠬᠦᠯᠤᠨ᠂ ᠮᠠᠯ ᠠᠵᠤ ᠠᠬᠤᠢ ᠶᠢᠨ ᠦᠪᠡᠷ ᠤᠨ ᠦᠷᠳᠡᠭ ᠢ ᠠᠷᠪᠢᠯᠠᠬᠤ ᠮᠠᠯᠵᠢᠯ ᠤᠨ ᠤᠬᠠᠭᠠᠨ ᠪᠤᠯᠬᠤ ᠤᠴᠢᠷᠳᠡᠢ᠃ ᠨᠢᠳᠤᠨᠤᠨ ᠬᠤᠰᠢᠭᠤᠨ ᠲᠠᠰ ᠤᠨ ᠪᠤᠯᠪᠠᠰᠤᠷᠠᠯ ᠳᠤ 2 ᠤᠳᠠᠭ᠎ᠠ᠂ ᠰᠤᠮᠤᠨ ᠲᠠᠰ ᠤᠨ ᠪᠤᠯᠪᠠᠰᠤᠷᠠᠯ ᠎ ᠳᠤ 1 ᠤᠳᠠᠭ᠎ᠠ ᠤᠷᠤᠯᠴᠠᠵᠤ᠂ ᠵᠤᠬᠢᠬᠤ ᠬᠡᠮᠵᠢᠶᠠᠨ ᠤ ᠮᠠᠷᠬᠡᠵᠢᠯ ᠤᠨ ᠲᠤᠷᠰᠢᠯᠭ᠎ᠠ ᠬᠤᠷᠠᠮᠳᠤᠭᠤᠯᠤᠭᠰᠡᠨ ᠢᠶᠠᠨ᠂ 2022 ᠤᠨ ᠳᠤ ᠲᠠᠷᠠ 15 ᠦᠨᠢᠶᠠᠨ ᠳᠤ ᠪᠠᠨ ᠭᠠᠷ ᠬᠡᠬᠡᠯᠳᠤᠬᠦᠯᠬᠡ ᠬᠢᠵᠤ᠂ ᠬᠡᠬᠡᠯ ᠲᠤᠭᠳᠠᠭᠰᠡᠨ ᠨᠤᠷᠮ᠎ᠠ ᠢ 95%᠎ ᠳᠤ ᠬᠦᠷᠴᠤ᠂ ᠡᠨ᠋ᠨ ᠵᠢᠯ ᠦᠨᠢᠶᠠᠨ ᠳᠤ ᠪᠠᠨ ᠦᠷᠬᠦᠯᠵᠢᠯᠡᠨ ᠭᠠᠷ ᠬᠡᠬᠡᠯᠳᠤᠬᠦᠯᠬᠡ ᠬᠢᠬᠦ ᠪᠠᠷ ᠲᠦᠯᠤᠪᠯᠡᠵᠤ ᠪᠤᠢ᠃         ᠰᠤᠷᠳᠠᠯᠳᠤ ᠪᠠᠰᠠ ᠠᠮᠢ ᠠᠬᠤᠢ ᠶᠢ ᠬᠠᠮᠠᠭᠠᠯᠠᠬᠤ᠂ ᠬᠦᠳᠠᠯᠮᠤᠷᠢ ᠬᠦᠴᠤ ᠶᠢ ᠠᠷᠪᠢᠯᠠᠬᠤ᠂ ᠦᠨᠢᠶᠠᠨ ᠤ ᠎ ᠪᠠᠨ ᠲᠠᠷᠭᠤ ᠬᠦᠴᠤ ᠶᠢ ᠪᠠᠳᠤᠯᠠᠬᠤ᠂ ᠲᠤᠭᠤᠯ ᠤᠨ ᠰᠢᠮ᠎ᠠ ᠲᠡᠵᠢᠬᠡᠯ ᠢ ᠪᠠᠳᠤᠯᠠᠬᠤ ᠵᠡᠷᠬᠡ ᠲᠠᠯ᠎ᠠ ᠪᠠᠷ ᠤᠬᠠᠭᠠᠨ ᠰᠤᠷᠢᠵᠤ᠂ ᠠᠷᠭ᠎ᠠ ᠰᠦᠪᠡᠭᠴᠢᠯᠡᠨ᠂ ᠨᠢᠳᠤᠨᠤᠨ TMR ᠬᠤᠯᠢᠮᠠᠭ ᠲᠡᠵᠢᠬᠡᠯ ᠪᠤᠷᠳᠤᠭ᠎ᠠ ᠦᠢᠯᠡᠳᠪᠤᠷᠢᠯᠡᠬᠦ ᠮᠠᠰᠢᠨ ᠬᠤᠳᠠᠯᠳᠤᠨ ᠠᠪᠤᠭᠰᠡᠨ ᠪᠦᠬᠡᠳ 144 ᠳᠣᠨ ᠲᠠᠵᠢᠬᠡᠯ ᠡᠪᠡᠰᠤ ᠨᠦᠬᠡᠴᠠᠯᠠᠪᠠ᠂ ᠡᠬᠦᠨ ᠳᠤ ᠬᠤᠯᠢᠮᠠᠭ ᠲᠡᠵᠢᠬᠡᠯ ᠪᠤᠷᠳᠤᠭ᠎ᠠ ᠪᠤᠯᠪᠠᠰᠤᠷᠠᠭᠤᠯᠬᠤ ᠳᠤ ᠬᠡᠷᠡᠭᠰᠡᠬᠦ ᠠᠴᠠ 30 ᠭᠠᠷᠤᠢ ᠲᠤᠨ ᠨᠤᠭᠤᠭᠠᠨ ᠲᠠᠷᠤᠰᠢ᠂ ᠰᠢᠰᠢ᠂ ᠨᠠᠷᠢᠮᠤ ᠶᠢᠨ ᠰᠦᠷᠠᠯ ᠯᠤᠤᠪᠠᠨᠭ᠌ ᠪᠠᠭᠳᠠᠨ᠎ᠠ᠃ ᠰᠤᠷᠳᠠᠯᠳᠤ ᠬᠤᠯᠢᠮᠠᠭ ᠲᠠᠵᠢᠬᠡᠯ ᠪᠤᠷᠳᠤᠭ᠎ᠠ ᠪᠠᠨ ᠡᠳᠤᠷ ᠤᠨ ᠬᠡᠷᠡᠭᠰᠡᠬᠦ ᠬᠡᠮᠵᠢᠶ᠎ᠠ ᠎ ᠪᠠᠷ ᠢᠶᠠᠨ ᠨᠠᠶᠢᠷᠠᠵᠤ ᠲᠡᠵᠢᠬᠡᠳᠡᠭ᠃ ᠲᠡᠵᠢᠬᠡᠯ ᠪᠤᠷᠳᠤᠭ᠎ᠠ ᠨᠠᠶᠢᠷᠠᠬᠤ ᠳᠤ ᠪᠠᠨ ᠲᠠᠷᠠ ᠨᠤᠭᠤᠭᠠᠨ ᠲᠠᠷᠤᠰᠢ᠂ ᠰᠢᠰᠢ᠂ ᠨᠠᠷᠢᠮᠤ ᠶᠢᠨ ᠰᠦᠷᠠᠯ᠂ ᠯᠤᠤᠪᠠᠨᠭ᠌᠂ ᠡᠪᠡᠰᠤ ᠵᠡᠷᠬᠡ ᠮᠠᠲ᠋ᠧᠷᠢᠶᠠᠯ ᠢᠶᠠᠨ ᠵᠤᠬᠢᠬᠤ ᠬᠠᠷᠢᠴᠠᠯ ᠢᠶᠠᠷ ᠨᠠᠶᠢᠷᠠᠭᠰᠡᠨ ᠤ ᠲᠠᠷᠠᠭ᠎ᠠ ᠲᠤᠭᠤᠯ ᠢᠶᠠᠨ ᠲᠠᠵᠢᠬᠡᠳᠡᠭ᠃ ᠡᠳᠤᠷ ᠤᠨ ᠬᠡᠷᠡᠭᠰᠡᠬᠦ ᠲᠡᠵᠢᠬᠡᠯ ᠪᠤᠷᠳᠤᠭ᠎ᠠ ᠶᠢᠨ ᠬᠡᠮᠵᠢᠶ᠎ᠠ ᠶᠢ ᠲᠤᠬᠢᠷᠠᠮᠵᠢᠳᠡᠢ ᠪᠠᠶᠢᠯᠭᠠᠵᠤ ᠴᠢᠳᠠᠭᠰᠡᠨ ᠠᠴᠠ ᠲᠡᠵᠢᠬᠡᠯ ᠪᠤᠷᠳᠤᠭ᠎ᠠ ᠶᠢ ᠪᠦᠷᠢᠯᠬᠡᠬᠦ ᠠᠴᠠ ᠵᠠᠶᠢᠯᠠᠰᠬᠢᠵᠤ᠂ ᠨᠢᠬᠡ ᠲᠤᠭᠤᠯ ᠲᠡᠬᠡᠷ᠎ᠠ 10 ᠲᠦᠬᠦᠷᠢᠭ ᠤᠨ ᠠᠷᠠᠴᠢᠯᠡᠨ ᠲᠡᠵᠢᠬᠡᠬᠦ ᠦᠪᠡᠷ ᠤᠨ ᠦᠷᠳᠡᠭ ᠢ ᠠᠷᠪᠢᠯᠠᠵᠤ ᠴᠢᠳᠠᠭᠰᠡᠨ ᠪᠠᠶᠢᠨ᠎ᠠ᠃ ᠡᠬᠦᠨ ᠤ ᠬᠠᠮᠳᠤ᠂ ᠬᠡᠵᠢᠶ᠎ᠠ ᠴᠤ ᠲᠡᠵᠢᠬᠡᠯ ᠪᠤᠷᠳᠤᠭᠠᠨ ᠤ ᠨᠠᠶᠢᠷᠠᠯᠭ᠎ᠠ ᠳᠤ ᠲᠤᠬᠢᠷᠠᠭᠤᠯᠤᠯᠳᠠ ᠬᠢᠵᠤ ᠪᠤᠯᠳᠠᠭ ᠠᠴᠠ᠂ ᠦᠬᠡᠷ ᠤᠨ ᠲᠠᠷᠭᠤ ᠬᠦᠴᠤ ᠶᠢ ᠪᠠᠳᠤᠯᠠᠨ᠂ ᠡᠬᠦᠯᠳᠡᠷ ᠤᠨ ᠤᠳᠤᠮᠯᠠᠨ ᠦᠷᠡᠵᠢᠬᠦ ᠴᠢᠳᠠᠪᠤᠷᠢ ᠶᠢ ᠬᠦᠢᠴᠠᠳ ᠪᠠᠳᠠᠷᠠᠭᠤᠯᠵᠤ ᠴᠢᠳᠠᠭᠰᠡᠨ ᠪᠠᠶᠢᠨ᠎ᠠ᠃         ︽ᠬᠤᠯᠢᠮᠠᠭ ᠲᠡᠵᠢᠬᠡᠯ ᠪᠤᠷᠳᠤᠭ᠎ᠠ ᠪᠠᠷ ᠲᠤᠭᠤᠯ ᠲᠡᠵᠢᠬᠡᠬᠦ ᠨᠢ᠂ ᠡᠬᠡ ᠮᠠᠯ ᠤᠨ ᠲᠠᠷᠭᠤ ᠬᠦᠴᠤ ᠪᠠ ᠰᠢᠮ᠎ᠠ ᠲᠡᠵᠢᠬᠡᠯ ᠢ ᠪᠠᠳᠤᠯᠠᠵᠤ᠂ ᠲᠤᠭᠤᠯ ᠤᠨ ᠰᠢᠩᠬᠡᠬᠡᠯᠳᠡ ᠶᠢᠨ ᠰᠢᠰᠲ᠋ᠧᠮ ᠤᠨ ᠪᠤᠶᠢᠵᠢᠯᠳᠠ ᠶᠢ ᠠᠬᠢᠭᠤᠯᠬᠤ᠂ ᠢᠳᠡᠰᠢᠯᠡᠬᠦ ᠴᠢᠳᠠᠪᠤᠷᠢ ᠶᠢ ᠨᠢ ᠰᠠᠶᠢᠵᠢᠷᠠᠭᠤᠯᠵᠤ ᠴᠢᠳᠠᠬᠤ ᠰᠠᠶᠢᠨ ᠲᠠᠯ᠎ᠠ ᠲᠠᠢ᠂ ᠪᠠᠰᠠ ᠲᠤᠭᠤᠯ ᠢ ᠡᠬᠡ ᠠᠴᠠ ᠨᠢ ᠰᠠᠯᠭᠠᠭᠰᠡᠨ ᠤ ᠲᠠᠷᠠᠭ᠎ᠠ ᠲᠡᠵᠢᠬᠡᠯ ᠳᠤ ᠠᠮᠠᠷᠬᠠᠨ ᠲᠠᠰᠴᠤ ᠴᠢᠳᠠᠨ᠎ᠠ︾ ᠬᠡᠵᠤ ᠰᠤᠷᠳᠠᠯᠳᠤ ᠶᠠᠷᠢᠨ᠎ᠠ᠃ ᠲᠠᠷᠡ ᠲᠤᠭᠤᠯ ᠢ 7 ᠰᠠᠷ᠎ᠠ ᠪᠤᠯᠤᠮᠠᠭᠴᠠ ᠡᠬᠡ ᠠᠴᠠ ᠨᠢ ᠰᠠᠯᠭᠠᠵᠤ᠂ ᠵᠠᠯᠭᠠᠭᠠᠳ ᠬᠤᠯᠢᠮᠠᠭ ᠲᠡᠵᠢᠬᠡᠯ ᠪᠤᠷᠳᠤᠭ᠎ᠠ ᠪᠠᠷ ᠪᠤᠷᠳᠤᠵᠤ ᠲᠡᠵᠢᠬᠡᠬᠡᠳ 2 ᠰᠠᠷ᠎ᠠ ᠶᠢᠨ ᠬᠢᠨᠢ ᠲᠠᠷᠠᠭ᠎ᠠ ᠵᠠᠷᠤᠴᠠᠭᠤᠯᠳᠠᠭ᠂ ᠢᠩᠬᠢᠵᠤ ᠲᠡᠵᠢᠬᠡᠬᠦ ᠨᠢ ᠲᠤᠭᠤᠯ ᠪᠦᠷᠢ ᠎ ᠶᠢᠨ ᠬᠦᠡᠳᠤ ᠨᠢ ᠲᠤᠮᠳᠠᠴᠢ ᠪᠠᠷ 100 ᠵᠢᠩ ᠨᠡᠮᠡᠭᠳᠡᠵᠤ᠂ ᠠᠷᠠᠴᠢᠯᠠᠨ ᠮᠠᠯᠵᠢᠬᠤ ᠦᠪᠡᠷ ᠤᠨ ᠦᠷᠳᠡᠭ ᠢ ᠨᠢ ᠪᠠᠷᠤᠭ ᠬᠠᠭᠠᠰ ᠢᠶᠠᠷ ᠪᠠᠭᠤᠷᠠᠭᠤᠯᠳᠠᠭ᠃ ᠬᠤᠯᠢᠮᠠᠭ ᠲᠡᠵᠢᠬᠡᠯ ᠪᠤᠷᠳᠤᠭ᠎ᠠ ᠨᠠᠶᠢᠷᠠᠵᠤ᠂ ᠲᠤᠭᠤᠯ ᠲᠡᠵᠢᠬᠡᠬᠦ ᠪᠠᠷ ᠲᠠᠮᠵᠢᠭᠤᠯᠤᠨ᠂ ᠰᠤᠷᠳᠠᠯᠳᠤ ᠮᠠᠯ ᠰᠦᠷᠦᠭ ᠢ ᠨᠠᠷᠢᠯᠢᠭᠵᠢᠭᠤᠯᠤᠨ ᠲᠡᠵᠢᠬᠡᠬᠦ ᠶᠢ ᠪᠠᠶᠠᠯᠠᠬᠦᠯᠵᠤ᠂ ᠲᠤᠭᠤᠯ ᠤᠨ ᠪᠤᠶᠢᠵᠢᠯᠳᠠ ᠶᠢᠨ ᠬᠤᠷᠳᠤᠴᠠ ᠪᠠ ᠰᠢᠮ᠎ᠠ ᠲᠡᠵᠢᠬᠡᠯ ᠎ ᠤᠨ ᠦᠷᠳᠡᠭ ᠢ ᠶᠡᠭᠡ ᠪᠠᠷ ᠲᠡᠬᠡᠭᠰᠢᠯᠡᠬᠦᠯᠦᠭᠰᠡᠨ ᠪᠠᠶᠢᠳᠠᠭ᠃ ᠨᠢᠳᠤᠨᠤᠨ ᠮᠠᠯ ᠤᠨ ᠦᠨ᠎ᠠ ᠬᠢᠮᠳᠠ᠂ ᠡᠪᠡᠰᠤ ᠪᠤᠷᠳᠤᠭᠠᠨ ᠤ ᠦᠨ᠎ᠠ ᠬᠠᠩᠰᠢ ᠦᠡᠳᠤᠷ ᠪᠠᠶᠢᠳᠠᠯ ᠲᠤᠤᠷ᠎ᠠ᠂ ᠰᠤᠷᠳᠠᠯᠳᠤ 40 ᠲᠤᠭᠤᠯ ᠢᠶᠠᠨ ᠲᠡᠭᠰᠢᠳᠬᠡᠬᠡᠳ 8000 ᠲᠦᠬᠦᠷᠢᠭ ᠢᠶᠠᠷ ᠵᠠᠷᠤᠵᠤ᠂ 30 ᠭᠠᠷᠤᠢ ᠲᠦᠮᠡᠨ ᠲᠦᠬᠦᠷᠢᠭ ᠤᠨ ᠤᠷᠤᠯᠭ᠎ᠠ ᠡᠬᠦᠳᠦᠭᠰᠡᠨ ᠪᠠᠶᠢᠨ᠎ᠠ᠃         ︽ᠤᠳᠤᠬᠠᠨ ᠤ ᠮᠠᠯ ᠤᠨ ᠦᠨ᠎ᠠ ᠬᠠᠩᠰᠢ ᠲᠤᠭᠳᠠᠪᠤᠷᠢ ᠦᠬᠡᠢ᠂ ᠡᠪᠡᠰᠤ ᠪᠤᠷᠳᠤᠭᠠᠨ ᠤ ᠦᠨ᠎ᠠ ᠲᠠᠰᠤᠷᠠᠯᠳᠠ ᠦᠬᠡᠢ ᠦᠰᠴᠤ ᠪᠠᠶᠢᠭ᠎ᠠ ᠪᠠᠶᠢᠳᠠᠯ ᠲᠤᠤᠷ᠎ᠠ᠂ ᠬᠤᠯᠢᠮᠠᠭ ᠲᠡᠵᠢᠬᠡᠯ ᠪᠤᠷᠳᠤᠭ᠎ᠠ ᠨᠠᠶᠢᠷᠠᠵᠤ ᠬᠡᠷᠡᠭᠯᠡᠬᠦ ᠨᠢ ᠮᠠᠨ ᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠠᠪᠰᠢᠬᠦᠯᠬᠦ ᠪᠠ ᠤᠷᠤᠯᠭ᠎ᠠ ᠪᠠᠨ ᠨᠡᠮᠡᠭᠳᠡᠬᠦᠯᠬᠦ ᠎ ᠳᠤ ᠵᠤᠬᠢᠬᠤ ᠰᠠᠭᠤᠷᠢ ᠲᠠᠯᠪᠢᠵᠤ ᠦᠭᠬᠦ ᠨᠢ ᠯᠠᠪᠳᠡᠢ︾ ᠬᠡᠵᠤ ᠰᠤᠷᠳᠠᠯᠳᠤ ᠦᠪᠡᠷ ᠤᠨ ᠪᠤᠳᠤᠯ ᠢᠶᠠᠨ ᠲᠡᠯᠬᠡᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号