ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠡᠷᠭᠡ ᠶᠢ ᠰᠤᠳᠤᠯᠪᠠ
ᠨᠡᠶᠢᠲᠡᠯᠡᠭᠰᠡᠨ ᠴᠠᠭ᠄
2024/1/24
       ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 22᠎ ᠤᠨ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠳ᠋ᠦ᠋ᠭᠡᠷ ᠰᠠᠷ᠎ᠠ ᠶᠢᠨ 22᠎ ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂    ︽ᠳᠠᠷᠤᠢ ᠲᠦᠷᠭᠡᠨ ᠬᠦᠷᠭᠡᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾᠎ ᠢ ᠬᠢᠨᠠᠨ ᠵᠥᠪᠯᠡᠵᠦ ᠪᠠᠲᠤᠯᠠᠨ᠂ ᠬᠢᠮᠡᠯ ᠤᠶᠤᠨ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠳᠤ ᠬᠦᠴᠦᠨ ᠣᠯᠭᠤᠬᠤ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠵᠢᠴᠢ ᠠᠵᠢᠯ ᠤᠨ ᠪᠣᠳᠣᠯᠬᠢᠯᠠᠯ ᠤᠨ ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ᠲᠥᠰᠥᠯ︶︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾᠎ ᠶᠢ ᠶᠠᠷᠢᠯᠴᠠᠪᠠ᠃       ᠬᠤᠷᠠᠯ ᠳᠤ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠳᠠᠴᠠ ᠪᠣᠯᠣᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ︽ᠮᠢᠩᠭ᠎ᠠ ᠲᠦᠮᠡᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠲᠦᠷᠭᠡᠳᠬᠡᠵᠦ᠂  ᠠᠮᠢᠳᠤᠷᠠᠵᠤ ᠠᠵᠢᠯᠯᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ  ᠬᠥᠳᠡᠭᠡ  ᠲᠣᠰᠬᠤᠨ ᠢ  ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃       ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ  ᠤᠳ ᠲᠤ ᠳᠠᠷᠤᠢ ᠲᠦᠷᠭᠡᠨ ᠬᠦᠷᠭᠡᠬᠦ ᠠᠵᠢᠯ ᠲᠥᠷᠥᠯ ᠲᠦᠷᠭᠡᠨ ᠬᠥᠭᠵᠢᠵᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯ ᠣᠯᠬᠤ ᠶᠢ ᠥᠷᠭᠡᠳᠬᠡᠬᠦ ᠵᠡᠷᠭᠡ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠵᠣᠷᠢᠭᠵᠢᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠤᠳᠠᠯᠳᠤᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠦᠪᠰᠢᠨ ᠪᠠ ᠲᠤᠰᠠᠯᠠᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ᠂ ᠳᠠᠷᠤᠢ ᠲᠦᠷᠭᠡᠨ ᠬᠦᠷᠭᠡᠬᠦ ᠠᠮᠤᠷ ᠲᠦᠪᠰᠢᠨ ᠵᠡᠷᠭᠡ ᠬᠤᠷᠢᠭ᠎ᠠ ᠱᠤᠭᠤᠮ ᠢ ᠰᠠᠶᠢᠲᠤᠷ ᠰᠠᠬᠢᠬᠤ ᠶᠢ ᠰᠢᠮᠳᠠᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠤ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠢᠮᠡᠯ ᠤᠶᠤᠨ ᠪᠣᠯᠣᠨ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠬᠤ ᠪᠠᠷ ᠭᠤᠣᠯ ᠰᠢᠵᠢᠮ ᠪᠣᠯᠭᠠᠵᠤ᠂ ᠣᠶᠤᠨᠴᠢ ᠦᠢᠯᠡᠳᠬᠡᠯ ᠢᠶᠠᠷ ᠭᠤᠣᠯ ᠬᠦᠴᠦᠯᠡᠬᠦ ᠴᠢᠭᠯᠡᠯ ᠪᠣᠯᠭᠠᠵᠤ᠂ ᠠᠬᠤᠢ ᠲᠠᠯᠠᠪᠠᠢ ᠶᠢᠨ ᠬᠡᠷᠡᠭᠯᠡᠯᠲᠡ ᠪᠠᠷ ᠬᠥᠲᠥᠯᠥᠮᠵᠢ ᠪᠣᠯᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠣᠶᠤᠨᠴᠢ ᠲᠡᠰ ᠳᠡᠪᠰᠢᠯᠲᠡ ᠶᠢ ᠲᠦᠷᠭᠡᠳᠬᠡᠵᠦ᠂ ᠣᠶᠤᠨᠴᠢ ᠦᠢᠯᠡᠳᠬᠦᠨ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦ ᠲᠣᠭᠲᠠᠯᠴᠠᠭ᠎ᠠ ᠳᠤ ᠥᠨᠳᠥᠷ ᠲᠦᠪᠰᠢᠨ ᠲᠠᠢ ᠬᠦᠴᠦᠨ ᠣᠯᠭᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ ᠪᠣᠯᠣᠨ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠰᠠᠯᠠᠮᠵᠢ ᠬᠠᠩᠭᠠᠬᠤ ᠬᠡᠷᠡᠭᠲᠡᠢ ᠭᠡᠵᠡᠢ᠃      ᠬᠤᠷᠠᠯ ᠳᠤ ᠴᠢᠬᠤᠯᠠᠴᠢᠯᠠᠭᠰᠠᠨ ᠨᠢ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠯᠡ ᠣᠷᠣᠭᠤᠯᠵᠤ ᠪᠡᠯᠡ ᠴᠤᠭᠯᠠᠭᠤᠯᠬᠤ ᠶᠢᠨ ᠬᠥᠳᠡᠯᠦᠩᠭᠦᠢ ᠲᠡᠩᠴᠡᠭᠦᠷᠢ ᠶᠢ ᠨᠡᠩ ᠴᠢᠬᠤᠯᠠᠴᠢᠯᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠪᠣᠯᠣᠨ ᠪᠡᠯᠡ ᠣᠷᠣᠭᠤᠯᠤᠯᠲᠠ ᠶᠢᠨ ᠦᠷᠳᠡᠭ ᠢ ᠶᠡᠭᠡ ᠪᠠᠷ ᠳᠡᠭᠡᠭᠰᠢᠯᠡᠭᠦᠯᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠡᠷᠴᠢᠮᠵᠢᠭᠦᠯᠵᠦ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠭᠤᠨ ᠴᠢᠨᠠᠷ ᠢ ᠴᠢᠩᠭᠠᠳᠬᠠᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠥᠴᠥᠬᠡᠨ ᠴᠦ ᠠᠭᠤᠴᠢᠯᠠᠬᠤ ᠦᠭᠡᠢ︾ ᠪᠠᠶᠢᠵᠤ᠂ ᠵᠢᠷᠤᠮᠵᠢᠭᠰᠠᠨ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ᠃ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠪᠠᠲᠤᠳᠬᠠᠬᠤ ᠳᠤ ᠬᠦᠴᠦᠯᠡᠬᠦ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠠᠵᠤ ᠠᠬᠤᠢ ᠶᠢᠨ ᠳᠡᠭᠡᠭᠰᠢᠯᠡᠨ ᠰᠠᠶᠢᠵᠢᠷᠠᠬᠤ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠤ ︽ᠪᠦᠭᠦᠲᠠ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ᠲᠥᠰᠥᠯ︶︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾᠎ ᠶᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃      ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号