ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠳ᠋ᠦ᠋ᠭᠡᠷ ᠰᠠᠷ᠎ᠠ ᠶᠢᠨ 22 ᠤᠨ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ | ᠳᠠᠷᠤᠢ ᠲᠦᠷᠭᠡᠨ ᠬᠦᠷᠭᠡᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ | ᠰᠠᠨᠠᠯ︾ ᠢ ᠬᠢᠨᠠᠨ ᠵᠥᠪᠯᠡᠵᠦ ᠪᠠᠲᠤᠯᠠᠨ᠂ ᠬᠢᠮᠡᠯ ᠤᠶᠤᠨ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠳᠤ | ᠬᠦᠴᠦᠨ ᠣᠯᠭᠤᠬᠤ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ | ᠠᠵᠢᠯᠯᠠᠭᠠᠨ ᠤ ᠪᠠᠶᠢᠳᠠᠯ ᠵᠢᠴᠢ ᠠᠵᠢᠯ ᠤᠨ ᠪᠣᠳᠣᠯᠬᠢᠯᠠᠯ ᠤᠨ ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ᠲᠥᠰᠥᠯ︶︾ ᠪᠣᠯᠣᠨ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ | ᠶᠢ ᠶᠠᠷᠢᠯᠴᠠᠪᠠ᠃ | ᠬᠤᠷᠠᠯ ᠳᠤ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠶᠡᠷᠦᠩᠬᠡᠢ ᠭᠠᠷᠳᠠᠴᠠ ᠪᠣᠯᠣᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ | ᠲᠣᠭᠲᠠᠭᠠᠵᠤ᠂ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠠᠷᠭ᠎ᠠ ᠵᠠᠮ ᠢᠶᠠᠷ | ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠠᠷᠢᠶᠠᠴᠢᠳ ᠤᠨ ᠭᠤᠣᠯ | ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ | ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠬᠤ | ᠬᠡᠷᠡᠭᠲᠡᠢ᠃ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠲᠦᠷᠭᠡᠳᠬᠡᠵᠦ᠂ ᠠᠮᠢᠳᠤᠷᠠᠵᠤ | ᠠᠵᠢᠯᠯᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ | ᠭᠡᠵᠡᠢ᠃ | ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ ᠳᠠᠷᠤᠢ ᠲᠦᠷᠭᠡᠨ ᠬᠦᠷᠭᠡᠬᠦ ᠠᠵᠢᠯ ᠲᠥᠷᠥᠯ | ᠲᠦᠷᠭᠡᠨ ᠬᠥᠭᠵᠢᠵᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯ ᠣᠯᠬᠤ ᠶᠢ ᠥᠷᠭᠡᠳᠬᠡᠬᠦ | ᠵᠡᠷᠭᠡ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠵᠣᠷᠢᠭᠵᠢᠭᠤᠯᠤᠨ ᠬᠥᠲᠥᠯᠥᠨ | ᠵᠢᠯᠤᠭᠤᠳᠬᠤ ᠪᠠᠨ ᠴᠢᠩᠭᠠᠳᠬᠠᠵᠤ᠂ ᠬᠤᠳᠠᠯᠳᠤᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠤᠯᠠᠮ ᠨᠢᠭᠡ ᠠᠯᠬᠤᠮ | ᠪᠣᠶ ᠪᠣᠯᠭᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠦᠪᠰᠢᠨ ᠪᠠ ᠲᠤᠰᠠᠯᠠᠨ ᠳᠠᠶᠢᠴᠢᠯᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ᠂ ᠳᠠᠷᠤᠢ ᠲᠦᠷᠭᠡᠨ ᠬᠦᠷᠭᠡᠬᠦ ᠠᠮᠤᠷ | ᠲᠦᠪᠰᠢᠨ ᠵᠡᠷᠭᠡ ᠬᠤᠷᠢᠭ᠎ᠠ ᠱᠤᠭᠤᠮ ᠢ ᠰᠠᠶᠢᠲᠤᠷ ᠰᠠᠬᠢᠬᠤ ᠶᠢ ᠰᠢᠮᠳᠠᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠥᠪᠡᠷ ᠤᠨ | ᠥᠷᠲᠡᠭ ᠢ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠳᠤ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ | ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠢᠮᠡᠯ ᠤᠶᠤᠨ ᠪᠣᠯᠣᠨ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠬᠤ ᠪᠠᠷ | ᠭᠤᠣᠯ ᠰᠢᠵᠢᠮ ᠪᠣᠯᠭᠠᠵᠤ᠂ ᠣᠶᠤᠨᠴᠢ ᠦᠢᠯᠡᠳᠬᠡᠯ ᠢᠶᠠᠷ ᠭᠤᠣᠯ ᠬᠦᠴᠦᠯᠡᠬᠦ ᠴᠢᠭᠯᠡᠯ ᠪᠣᠯᠭᠠᠵᠤ᠂ ᠠᠬᠤᠢ ᠲᠠᠯᠠᠪᠠᠢ ᠶᠢᠨ | ᠬᠡᠷᠡᠭᠯᠡᠯᠲᠡ ᠪᠠᠷ ᠬᠥᠲᠥᠯᠥᠮᠵᠢ ᠪᠣᠯᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠣᠶᠤᠨᠴᠢ ᠲᠡᠰ ᠳᠡᠪᠰᠢᠯᠲᠡ ᠶᠢ | ᠲᠦᠷᠭᠡᠳᠬᠡᠵᠦ᠂ ᠣᠶᠤᠨᠴᠢ ᠦᠢᠯᠡᠳᠬᠦᠨ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦ | ᠲᠣᠭᠲᠠᠯᠴᠠᠭ᠎ᠠ ᠳᠤ ᠥᠨᠳᠥᠷ ᠲᠦᠪᠰᠢᠨ ᠲᠠᠢ ᠬᠦᠴᠦᠨ ᠣᠯᠭᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠦᠷᠢᠯᠳᠦᠭᠦᠯᠵᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ ᠪᠣᠯᠣᠨ | ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠰᠠᠯᠠᠮᠵᠢ ᠬᠠᠩᠭᠠᠬᠤ ᠬᠡᠷᠡᠭᠲᠡᠢ | ᠭᠡᠵᠡᠢ᠃ | ᠬᠤᠷᠠᠯ ᠳᠤ ᠴᠢᠬᠤᠯᠠᠴᠢᠯᠠᠭᠰᠠᠨ ᠨᠢ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠯᠡ ᠣᠷᠣᠭᠤᠯᠵᠤ ᠪᠡᠯᠡ ᠴᠤᠭᠯᠠᠭᠤᠯᠬᠤ ᠶᠢᠨ ᠬᠥᠳᠡᠯᠦᠩᠭᠦᠢ | ᠲᠡᠩᠴᠡᠭᠦᠷᠢ ᠶᠢ ᠨᠡᠩ ᠴᠢᠬᠤᠯᠠᠴᠢᠯᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠪᠣᠯᠣᠨ ᠪᠡᠯᠡ | ᠣᠷᠣᠭᠤᠯᠤᠯᠲᠠ ᠶᠢᠨ ᠦᠷᠳᠡᠭ ᠢ ᠶᠡᠭᠡ ᠪᠠᠷ ᠳᠡᠭᠡᠭᠰᠢᠯᠡᠭᠦᠯᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ | ᠳᠡᠯᠭᠡᠭᠦᠷ ᠲᠤ ᠣᠷᠣᠬᠤ ᠶᠢ ᠡᠷᠴᠢᠮᠵᠢᠭᠦᠯᠵᠦ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠭᠤᠨ ᠴᠢᠨᠠᠷ ᠢ | ᠴᠢᠩᠭᠠᠳᠬᠠᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠥᠴᠥᠬᠡᠨ ᠴᠦ ᠠᠭᠤᠴᠢᠯᠠᠬᠤ ᠦᠭᠡᠢ︾ ᠪᠠᠶᠢᠵᠤ᠂ | ᠵᠢᠷᠤᠮᠵᠢᠭᠰᠠᠨ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ᠃ ᠨᠡᠩ ᠬᠦᠴᠦᠲᠡᠢ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠪᠠᠲᠤᠳᠬᠠᠬᠤ ᠳᠤ | ᠬᠦᠴᠦᠯᠡᠬᠦ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ | ᠠᠵᠤ ᠠᠬᠤᠢ ᠶᠢᠨ ᠳᠡᠭᠡᠭᠰᠢᠯᠡᠨ ᠰᠠᠶᠢᠵᠢᠷᠠᠬᠤ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠳᠤ ︽ᠪᠦᠭᠦᠲᠠ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ | ᠲᠥᠰᠥᠯ︶︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ | ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠪᠠᠷ ᠲᠣᠭᠲᠠᠪᠠ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃ | |