ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠤᠳᠤᠬᠢᠴᠢᠯᠠᠯᠲᠠ ᠶᠢᠨ ᠵᠠᠮ ᠢᠶᠠᠷ ᠯᠠᠪᠳᠠᠭᠤᠨ ᠤᠷᠤᠭᠰᠢᠯᠠᠮᠤᠢ— 2024 ᠣᠨ ᠤ ᠰᠢᠨ᠎ᠡ ᠣᠨ ᠤ ᠪᠠᠶᠠᠷ ᠤᠨ
ᠨᠡᠶᠢᠲᠡᠯᠡᠭᠰᠡᠨ ᠴᠠᠭ᠄
2024/1/3
      ᠠᠮᠵᠢᠯᠲᠠ ᠲᠦᠭᠦᠷᠡᠩ ᠬᠠᠭᠤᠴᠢᠨ ᠣᠨ ᠢᠶᠠᠨ ᠦᠳᠡᠵᠦ᠂ ᠬᠦᠰᠡᠯ ᠬᠤᠷᠤᠶᠢᠯᠠᠭᠰᠠᠨ ᠰᠢᠨ᠎ᠡ ᠣᠨ ᠢᠶᠠᠨ ᠤᠭᠳᠤᠯ᠎ᠠ᠃ ᠬᠦᠬᠡ ᠯᠤᠤ ᠵᠢᠯ ᠬᠦᠷᠴᠦ ᠢᠷᠡᠬᠦ ᠲᠠᠰᠢᠷᠠᠮ ᠢᠶᠠᠷ᠂ ᠬᠤᠰᠢᠭᠤ ᠲᠦᠷᠪᠡᠨ ᠶᠡᠭᠡ ᠤᠳᠤᠷᠢᠳᠬᠤ ᠪᠠᠭ ᠤᠨ ᠬᠢᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠵᠢᠯ ᠠᠴᠠ ᠪᠠᠨ ᠲᠠᠷᠬᠠᠯᠠᠭᠲᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠦᠬᠦᠳ᠂ ᠠᠪᠠᠭ᠎ᠠ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠲᠠᠭᠠᠨ ᠤ ᠳᠠᠷᠤᠭ᠎ᠠ ᠪᠠᠶᠢᠯᠳᠤᠭᠴᠢ᠂ ᠲᠤᠳᠤᠭᠠᠲᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠬᠢᠭᠡᠳ ᠠᠪᠠᠭ᠎ᠠ ᠬᠤᠰᠢᠭᠤᠨ ᠤ ᠬᠦᠭᠵᠢᠯᠲᠡ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠎ ᠬᠢᠨ ᠳᠤ ᠪᠠᠶᠠᠷ ᠤᠨ ᠡᠳᠦᠷ ᠤᠨ ᠨᠠᠨᠳᠢᠨ ᠵᠦᠩᠨᠡᠯ ᠪᠠ ᠴᠢᠩ ᠰᠡᠳᠬᠢᠯ ᠤᠨ ᠮᠠᠨᠳᠤᠴᠢᠯᠠᠯ ᠢᠶᠠᠨ ᠳᠡᠪᠰᠢᠭᠦᠯᠵᠦ ᠪᠠᠶᠢᠨ᠎ᠠ︕ ᠡᠯ᠎ᠡ ᠬᠦᠷᠢᠶ᠎ᠡ ᠬᠡᠪᠴᠢᠶ᠎ᠡ᠂ ᠡᠯ᠎ᠡ ᠹᠠᠷᠤᠨᠲ᠂ ᠡᠯ᠎ᠡ ᠠᠵᠢᠯ ᠤᠨ ᠪᠠᠶᠢᠷᠢ ᠲᠡᠭᠡᠷ᠎ᠡ ᠰᠢᠷᠭᠠᠭᠤ ᠬᠠᠳᠠᠭᠤᠵᠢᠯᠲᠠᠢ ᠪᠠᠷ ᠭᠠᠪᠰᠢᠭᠠᠶᠢᠯᠠᠨ ᠠᠵᠢᠯᠯᠠᠵᠤ ᠪᠠᠶᠢᠭ᠎ᠠ ᠨᠦᠬᠦᠳ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠲᠦ ᠬᠦᠨᠳᠦᠳᠭᠡᠯ ᠢᠶᠠᠨ ᠳᠡᠪᠰᠢᠭᠦᠯᠦᠶ᠎ᠡ︕      ᠦᠩᠭᠡᠷᠡᠭᠰᠡᠨ ᠣᠨ ᠢᠶᠠᠨ ᠡᠷᠬᠢᠴᠡᠭᠦᠯᠦᠶ᠎ᠡ᠂ ᠠᠮᠵᠢᠯᠲᠠ ᠪᠦᠳᠦᠮᠵᠢ ᠦᠯᠡᠮᠵᠢ ᠶᠡᠭᠡ᠃ ᠦᠩᠭᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠳᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠰᠠᠶᠢᠳᠤᠷ ᠨᠠᠶᠢᠳᠠᠪᠤᠷᠢᠵᠢᠭᠤᠯᠬᠤ ᠪᠠ ︽ᠵᠢᠱᠢᠶᠡᠴᠢ ᠦᠪᠡᠷᠲᠡᠭᠡᠨ ᠵᠠᠰᠠᠬᠤ ᠤᠷᠤᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠᠷ ᠨᠢᠭᠡᠳᠦᠯᠲᠡᠢ ᠵᠢᠯᠤᠭᠤᠳᠤᠭᠤᠯᠵᠤ᠂ ᠪᠦᠬᠦ ᠬᠤᠰᠢᠭᠤᠨ ᠤ ᠲᠡᠭᠡᠷ᠎ᠡ ᠲᠤᠤᠷ᠎ᠠ ᠱᠠᠲᠤ ᠰᠡᠳᠬᠢᠯ ᠨᠢᠭᠡᠳᠦᠨ ᠭᠠᠷ ᠬᠤᠯᠪᠤᠨ ᠡᠷᠡᠮᠡᠬᠡᠶᠢᠯᠡᠨ ᠲᠡᠮᠡᠴᠡᠵᠦ᠂ ᠮᠠᠰᠢ ᠣᠯᠠᠨ ᠪᠤᠳᠠᠳᠤ ᠶᠠᠪᠤᠳᠠᠯ ᠪᠡᠷᠬᠡ ᠠᠰᠠᠭᠤᠳᠠᠯ ᠢ ᠰᠢᠢᠳᠪᠤᠷᠢᠯᠡᠨ᠂ ᠮᠠᠰᠢ ᠣᠯᠠᠨ ᠪᠠᠶᠠᠷ ᠤᠨ ᠶᠠᠪᠤᠳᠠᠯ ᠦᠪᠡᠳᠡᠭᠰᠢ ᠶᠠᠪᠤᠳᠠᠯ ᠢ ᠰᠠᠶᠢᠳᠤᠷ ᠬᠢᠵᠦ᠂ ᠠᠪᠠᠭ᠎ᠠ ᠬᠤᠰᠢᠭᠤᠨ ᠤ ᠬᠦᠭᠵᠢᠯᠲᠡ ᠶᠢᠨ ᠳᠡᠣᠬᠡᠨ ᠳᠤ ᠨᠢᠭᠡᠨ ᠬᠤᠪᠢ ᠭᠤᠶᠢᠲᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠳᠤᠰᠢᠶᠠᠭᠰᠠᠨ ᠪᠠᠶᠢᠨ᠎ᠠ᠃      ᠡᠭᠡᠯ ᠵᠢᠷ ᠠᠴᠠ ᠠᠭᠤᠤ ᠦᠢᠯᠡᠰ ᠮᠠᠨᠳᠤᠵᠤ᠂ ᠠᠷᠠᠳ ᠲᠦᠮᠡᠨ ᠠᠴᠠ ᠪᠠᠭᠠᠳᠤᠷ ᠢᠳᠡᠲᠡᠨ ᠴᠣᠯᠭᠤᠷᠠᠳᠠᠭ᠃ ᠠᠪᠠᠭ᠎ᠠ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠲᠡ ᠳᠠᠪᠰᠢᠯᠲᠠ ᠳᠤ ᠰᠢᠷᠭᠠᠭᠤ ᠬᠠᠳᠠᠭᠤᠵᠢᠯᠲᠠᠢ ᠬᠦᠴᠦ ᠬᠦᠯᠦᠰᠦ᠂ ᠴᠦᠬᠦᠷᠡᠰᠢ ᠦᠭᠡᠢ ᠲᠡᠮᠡᠴᠡᠯ ᠪᠠ ᠡᠭᠦᠷᠭᠡ ᠬᠠᠷᠢᠭᠤᠴᠠᠯᠭ᠎ᠠ ᠨᠢᠭᠲᠠᠷᠠᠵᠤ ᠪᠠᠶᠢᠨ᠎ᠠ᠃ ᠲᠠ ᠨᠠᠷ ᠤᠨ ᠪᠠᠷᠢᠮᠲᠠᠯᠠᠯ᠂ ᠬᠠᠶᠢᠷ᠎ᠠ ᠬᠠᠯᠠᠮᠵᠢ ᠪᠠ ᠬᠤᠪᠢ ᠨᠡᠮᠡᠷᠢ ᠠᠴᠠ ᠰᠠᠶ᠋ᠢ ᠡᠨᠡᠬᠦ ᠬᠠᠮᠤᠭ ᠤᠨ ᠬᠠᠯᠠᠭᠤᠨ ᠳᠤᠯᠠᠭᠠᠨ᠂ ᠬᠠᠮᠤᠭ ᠤᠨ ᠭᠦᠨ ᠵᠤᠵᠠᠭᠠᠨ᠂ ᠬᠠᠮᠤᠭ ᠤᠨ ᠡᠷᠴᠢ ᠵᠤᠷᠢᠭ ᠢ ᠬᠦᠪᠴᠢᠯᠡᠭᠰᠡᠨ ᠴᠠᠭ ᠥᠶ᠎ᠡ ᠶᠢᠨ ᠬᠠᠭᠤᠳᠠᠰᠤ ᠶᠢ ᠵᠢᠷᠤᠭᠯᠠᠭᠰᠠᠨ ᠶᠤᠮ᠃ ᠲᠠ ᠨᠠᠷ ᠤᠨ 365 ᠡᠳᠦᠷ ᠢ ᠨᠢᠭᠡ ᠡᠳᠦᠷ ᠮᠡᠲᠦ ᠪᠠᠷ ᠴᠦᠬᠦᠷᠡᠰᠢ ᠦᠭᠡᠢ ᠲᠡᠮᠡᠴᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠴᠠ ᠰᠠᠶ᠋ᠢ ᠡᠨᠡᠨᠬᠦ ᠭᠤᠶᠢᠲᠠ ᠰᠠᠶᠢᠬᠠᠨ ᠴᠠᠭ ᠮᠦᠴᠡ ᠶᠢ ᠲᠡᠮᠳᠡᠭᠯᠡᠭᠰᠡᠨ ᠶᠤᠮ᠃ ᠲᠠ ᠪᠦᠬᠦᠨ ᠪᠤᠳᠠᠳᠤ ᠠᠵᠢᠯᠯᠠᠭ᠎ᠠ ᠪᠠᠷ ᠢᠶᠠᠨ ︽ᠣᠯᠠᠨ ᠢᠶᠠᠷ ᠢᠶᠠᠨ ᠬᠠᠮᠵᠢᠯᠴᠠᠪᠠᠯ ᠣᠷᠠᠨ ᠠᠷᠭ᠎ᠠ ᠣᠯᠠᠨ᠂ ᠪᠦᠬᠦᠳᠡᠭᠡᠷ ᠢᠶᠠᠨ ᠪᠦᠯᠬᠦᠮᠳᠡᠪᠡᠯ ᠪᠦᠳᠦᠬᠦ ᠶᠠᠪᠤᠳᠠᠯ ᠣᠯᠠᠨ︾ ᠭᠡᠳᠡᠭ ᠤᠨ ᠭᠦᠨ ᠠᠭᠤᠯᠬᠤᠨ ᠢ ᠲᠠᠶᠢᠯᠪᠤᠷᠢᠯᠠᠵᠠᠢ᠃ ᠲᠠ ᠨᠠᠷ ᠮᠠᠭᠤᠳᠠᠭᠤᠰᠢᠲᠠᠢ︕ ᠲᠠ ᠨᠠᠷ ᠲᠤ ᠪᠠᠨ ᠬᠦᠨᠳᠦᠳᠭᠡᠯ ᠳᠠᠪᠰᠢᠭᠦᠯᠦᠶ᠎ᠡ︕      ᠦᠩᠭᠡᠷᠡᠭᠰᠡᠨ ᠵᠢᠯ ᠢᠶᠠᠨ ᠭᠢᠯᠠᠯᠵᠠᠭᠰᠠᠨ ᠠᠮᠵᠢᠯᠲᠠ ᠪᠠᠷ ᠪᠢᠴᠢᠭᠯᠡᠵᠦ᠂ ᠢᠷᠡᠬᠦ ᠣᠨ ᠳᠤ ᠪᠠᠨ ᠢᠲᠡᠭᠡᠯ ᠲᠡᠭᠦᠯᠳᠡᠷ ᠤᠷᠤᠭᠰᠢᠯᠠᠶ᠎ᠠ᠃ ᠭᠡᠰᠢᠭ ᠪᠤᠶᠠᠨ ᠬᠤᠷᠤᠶᠢᠯᠠᠭᠰᠠᠨ 2024 ᠣᠨ ᠳᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠮᠤᠩᠭᠤᠯ ᠮᠤᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠠᠪᠠᠭ᠎ᠠ ᠶᠢᠨ ᠭᠠᠪᠰᠢᠭᠠᠶᠢᠯᠠᠨ ᠲᠡᠮᠡᠴᠡᠭᠴᠢ︾ ᠪᠣᠯᠬᠤ ᠪᠠᠷ ᠮᠠᠷᠡᠶᠢᠨ ᠴᠢᠷᠮᠠᠶᠢᠵᠤ᠂ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠵᠤ᠂ ᠴᠡᠴᠡᠭᠯᠡᠨ ᠬᠦᠭᠵᠢᠭᠰᠡᠨ᠂ ᠪᠣᠯᠪᠠᠰᠣᠨ᠂ ᠡᠶ᠎ᠡ ᠵᠤᠬᠢᠴᠠᠯ ᠲᠠᠢ᠂ ᠦᠵᠡᠰᠭᠦᠯᠡᠩᠲᠦ ᠰᠠᠶᠢᠬᠠᠨ ᠵᠣᠯ ᠵᠢᠷᠭᠠᠯᠲᠤ ᠠᠪᠠᠭ᠎ᠠ ᠬᠤᠰᠢᠭᠤ ᠶᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠬᠦᠴᠦᠨ ᠵᠢᠳᠭᠦᠯ ᠢᠶᠠᠨ ᠦᠵᠡᠭᠦᠯᠬᠦ ᠪᠠᠷ ᠴᠢᠷᠮᠠᠶᠢᠵᠠᠭᠠᠶ᠎ᠠ︕      ᠠᠭᠤᠤ ᠶᠡᠭᠡ ᠡᠬᠡ ᠤᠯᠤᠰ ᠤᠨ ᠠᠭᠤᠯᠠ ᠣᠰᠤ ᠨᠢ ᠦᠵᠡᠰᠭᠦᠯᠡᠩᠲᠦ ᠰᠠᠶᠢᠬᠠᠨ ᠪᠠᠶᠢᠵᠤ᠂ ᠬᠦᠭᠵᠢᠨ ᠴᠡᠴᠡᠭᠯᠡᠬᠦ ᠶᠢ ᠵᠦᠩᠨᠡᠶ᠎ᠡ︕ ᠠᠪᠠᠭ᠎ᠠ ᠨᠣᠳᠤᠭ ᠮᠠᠨᠢ ᠬᠤᠷ᠎ᠠ ᠪᠤᠷᠤᠭᠠᠨ ᠲᠡᠭᠰᠢ᠂ ᠠᠯᠢᠪᠠ ᠦᠢᠯᠡᠰ ᠬᠦᠭᠵᠢᠨ ᠪᠠᠳᠠᠷᠠᠬᠤ ᠶᠢ ᠵᠦᠩᠨᠡᠶ᠎ᠡ︕ ᠪᠦᠬᠦ ᠬᠤᠰᠢᠭᠤᠨ ᠤ ᠠᠷᠠᠳ ᠲᠦᠮᠡᠨ ᠳᠤ ᠰᠢᠨ᠎ᠡ ᠣᠨ ᠤ ᠮᠠᠨᠳᠦ ᠬᠦᠷᠭᠡᠵᠦ᠂ ᠭᠡᠷ ᠬᠤᠲᠠᠯᠠᠭᠠᠷ ᠢᠶᠠᠨ ᠠᠮᠤᠷ ᠠᠮᠤᠭᠤᠯᠠᠩ ᠪᠠᠶᠢᠬᠤ ᠶᠢ ᠬᠦᠰᠡᠨ ᠵᠦᠩᠨᠡᠶ᠎ᠡ︕           ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠬᠤᠷᠢᠶ᠎ᠠ           ᠠᠪᠠᠭ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ           ᠎ ᠶᠢᠨ ᠬᠤᠷᠢᠶ᠎ᠠ           ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ           ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠵᠦᠪᠯᠡᠯ                         2023  ᠣᠨ ᠤ 12  ᠰᠠᠷ᠎ᠠ ᠶᠢᠨ 31᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号