ᠲᠡᠮᠦᠷ ᠬᠡᠣᠬᠡᠨᠴᠦᠳ ᠤᠨ ᠨᠢᠩᠵᠢᠨ ᠬᠠᠶᠢᠷ᠎ᠠ ᠶᠢᠨ ᠬᠠᠨᠳᠢᠪ
ᠨᠡᠶᠢᠲᠡᠯᠡᠭᠰᠡᠨ ᠴᠠᠭ᠄
2024/1/3
        ︽ᠲᠡᠮ ᠲᠡᠮ ᠳᠤ ᠪᠠᠨ᠂ ᠲᠡᠭᠡᠰᠦ ᠡᠷᠴᠢᠮ ᠳᠤ ᠪᠠᠨ︾ ᠭᠡᠳᠡᠭᠴᠢᠯᠡᠨ᠂ ᠤᠷᠴᠢᠮ ᠤᠨ ᠡᠳᠦᠷ᠂ ᠪᠡᠯᠭᠦᠳᠡᠢ ᠪᠠᠯᠭᠠᠰᠣᠨ ᠤ ᠠᠯᠳᠠᠨᠰᠢᠯᠢ ᠭᠠᠴᠠᠭᠠᠨ ᠤ ᠡᠷᠬᠢᠮᠪᠠᠲᠤ᠂ ᠰᠠᠷᠠᠨᠴᠢᠮᠡᠩ ᠤᠨ ᠬᠤᠶᠠᠷ ᠮᠤᠩᠭᠤᠯ ᠭᠡᠷ ᠪᠣᠯᠣᠨ ᠡᠳ᠋ ᠪᠤᠳᠠᠰ ᠨᠢ ᠭᠡᠨᠡᠳᠲᠡ ᠶᠢᠨ ᠭᠠᠯ ᠤᠨ ᠠᠶᠤᠯ ᠳᠤ ᠰᠢᠲᠠᠭᠳᠠᠵᠤ᠂ ᠬᠤᠶᠠᠷ ᠨᠠᠰᠤᠲᠠᠨ ᠭᠠᠷ ᠢᠶᠠᠨ ᠨᠤᠬᠤᠯᠠᠨ ᠭᠠᠴᠢᠭᠳᠠᠵᠤ ᠪᠠᠶᠢᠬᠤ ᠶᠢ ᠰᠤᠨᠤᠰᠤᠭᠰᠠᠨ ᠠᠯᠳᠠᠨᠰᠢᠯᠢ ᠭᠠᠴᠠᠭᠠᠨ ᠤ ᠲᠡᠮᠦᠷ ᠬᠡᠣᠬᠡᠨᠴᠦᠳ ᠤᠨ ᠲᠤᠭᠤᠶᠢᠯᠠᠩ ᠤᠨ ᠠᠬᠠᠯᠠᠭᠴᠢ ᠽᠡᠪᠡᠯᠮ᠎ᠠ ᠨᠠᠰᠤᠲᠠᠨ ᠬᠤᠯᠪᠤᠭᠠᠨ ᠤ ᠭᠡᠰᠢᠭᠦᠳ ᠢᠶᠠᠨ ᠵᠤᠬᠢᠶᠠᠨ ᠪᠠᠶᠢᠭᠤᠯᠵᠤ᠂ ᠦᠪᠡᠷ ᠤᠨ ᠭᠡᠰᠡᠨ ᠦᠴᠦᠬᠡᠨ ᠬᠠᠨᠳᠢᠪ ᠳᠤᠰᠠᠯᠠᠮᠵᠢ ᠪᠠᠨ ᠦᠵᠡᠭᠦᠯᠬᠦ ᠪᠠᠷ ᠬᠤᠶᠠᠷ ᠨᠠᠰᠤᠲᠠᠨ ᠢ ᠪᠣᠯᠭᠤᠭᠠᠨ ᠲᠤᠬᠤᠨᠢᠭᠤᠯᠬᠤ ᠶᠢᠨ ᠬᠠᠮᠲᠤ 2350 ᠲᠦᠭᠦᠷᠢᠭ ᠤᠨ ᠬᠠᠨᠳᠢᠪ ᠤᠨ ᠮᠦᠩᠭᠦ ᠪᠠᠨ ᠭᠠᠷᠳᠠᠭᠤᠯᠤᠨ᠂ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠵᠠᠢ᠃        ︽ᠮᠠᠨ ᠤ ᠭᠠᠴᠠᠭᠠᠨ ᠤ ︿ᠲᠡᠮᠦᠷ ᠬᠡᠤᠬᠡᠨᠴᠦᠳ﹀ ᠤᠨ ᠪᠢᠳᠡᠨ ᠢ ᠳᠤᠰᠠᠯᠠᠭᠰᠠᠨ ᠨᠢ ᠲᠠᠭᠠᠷᠠᠭᠰᠠᠨ ᠬᠦᠮᠦᠨ ᠳᠤ ᠲᠠᠬᠤ ᠬᠦᠷᠭᠡᠭᠰᠡᠨ ᠶᠠᠪᠤᠳᠠᠯ ᠪᠣᠯᠵᠤ᠂ ᠪᠢᠳᠡ ᠲᠠ ᠨᠠᠷ ᠤᠨ ᠢᠶᠠᠨ ᠠᠴᠢ ᠳᠤᠰᠠ ᠶᠢ ᠬᠡᠵᠢᠶᠡᠳᠡ ᠴᠡᠭᠡᠵᠢᠯᠡᠨ᠂ ᠥᠨᠢ ᠡᠭᠦᠷᠢᠲᠡ ᠲᠠᠯᠠᠷᠬᠠᠵᠤ ᠶᠠᠪᠤᠨ᠎ᠠ︾ ᠭᠡᠵᠦ ᠰᠠᠷᠠᠨᠴᠢᠮᠡᠭ ᠨᠠᠰᠤᠲᠠᠨ ᠲᠤᠭᠳᠤᠯᠤᠨ ᠶᠠᠷᠢᠨ᠎ᠠ᠃        ᠪᠣᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠳᠠᠭ ᠲᠡᠮᠦᠷ ᠬᠡᠣᠬᠡᠨᠴᠦᠳ ᠤᠨ ᠡᠨᠡᠬᠦ ᠠᠵᠢᠯᠯᠠᠭ᠎ᠠ ᠨᠢ ᠨᠡᠶᠢᠭᠡᠮ ᠨᠡᠶᠢᠲᠡ ᠳᠤ ᠰᠠᠶᠢᠨ ᠰᠠᠶᠢᠬᠠᠨ ᠦᠯᠢᠭᠡᠷ ᠲᠠᠭᠤᠷᠢᠶᠠᠯ ᠦᠵᠡᠭᠦᠯᠬᠦ ᠪᠠᠷ ᠪᠠᠷᠠᠬᠤ ᠦᠭᠡᠢ ᠬᠠᠶᠢᠷ᠎ᠠ ᠶᠢᠨ ᠪᠣᠣᠬᠢᠶ᠎ᠠ ᠦᠷᠭᠦᠯᠵᠢᠯᠡᠨ ᠲᠠᠮᠵᠢᠭᠳᠠᠵᠤ᠂ ᠨᠡᠩ ᠣᠯᠠᠨ ᠰᠠᠶᠢᠬᠠᠨ ᠰᠡᠳᠬᠢᠯ ᠲᠠᠢ ᠬᠦᠮᠦᠰ ᠨᠡᠶᠢᠭᠡᠮ ᠨᠡᠶᠢᠲᠡ ᠳᠤ ᠬᠤᠪᠢ ᠨᠡᠮᠡᠷᠢ ᠪᠠᠨ ᠦᠵᠡᠭᠦᠯᠬᠦ ᠶᠤᠮ᠃        ᠬᠦᠮᠦᠨ ᠤ ᠰᠠᠶᠢᠬᠠᠨ ᠰᠠᠨᠠᠭᠠᠨ ᠠᠴᠠ ᠬᠦᠭᠵᠢᠯ ᠪᠠᠳᠠᠷᠠᠯ ᠲᠡᠯᠭᠡᠷᠡᠳᠡᠭ ᠤᠨ ᠵᠢᠮ᠎ᠡ ᠪᠠᠷ ᠠᠮᠢᠳᠤᠷᠠᠯ ᠬᠦᠮᠦᠰ ᠲᠤ ᠪᠠᠶᠠᠷ ᠵᠢᠷᠭᠠᠯ᠂ ᠭᠤᠨᠢᠭ ᠵᠤᠪᠠᠭᠤᠷᠢ ᠶᠢ ᠠᠯᠢ ᠶᠢ ᠨᠢ ᠴᠦ ᠬᠠᠶᠢᠷᠠᠯᠠᠳᠠᠭ ᠪᠠᠶᠢᠬᠤ ᠳᠤ ᠨᠠᠷᠡᠲᠦ ᠶᠢᠨ ᠠᠭᠤᠳᠠᠮ ᠵᠠᠢ ᠳᠤ ᠬᠦᠮᠦᠨ ᠢᠶᠠᠨ ᠳᠠᠮᠵᠢᠨ ᠳᠤᠰᠠᠯᠠᠳᠠᠭ ᠦᠭᠡᠳᠡᠷᠬᠡᠭ ᠰᠡᠳᠬᠢᠯ ᠨᠢ ᠵᠤᠪᠠᠵᠤ ᠵᠦᠳᠡᠷᠡᠭᠰᠡᠨ ᠨᠢᠭᠡᠨ ᠳᠤ ᠪᠠᠨ ᠡᠷᠴᠢ ᠬᠦᠴᠦ᠂ ᠰᠡᠳᠬᠢᠯ ᠤᠨ ᠳᠡᠩᠬᠡᠬᠡ ᠥᠭᠳᠡᠭ ᠤᠴᠢᠷᠲᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号