ᠠᠪᠠᠭ᠎ᠠ ᠬᠤᠰᠢᠭᠤᠨ ᠤ ︽ᠰᠢᠨ᠎ᠠ ᠴᠠᠭ ᠦᠶ᠎ᠠ ᠶᠢᠨ ᠦᠡᠳᠤᠰᠤᠳᠠᠨ ᠤ ᠤᠨᠤᠯ ᠲᠦᠷᠤ ᠶᠢᠨ ᠪᠤᠳᠤᠯᠭ᠎ᠠ  ᠶᠢᠨ ᠮᠡᠳᠡᠯᠬᠡ︾ ᠶᠢᠨ ᠤᠷᠤᠯᠳᠤᠭᠠᠨ ᠳᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠨᠠᠡᠳᠢᠡᠴᠡᠴᠡᠭ ᠲᠡᠷᠢᠬᠦᠯᠡᠪᠡ
ᠨᠡᠶᠢᠲᠡᠯᠡᠭᠰᠡᠨ ᠴᠠᠭ᠄
2024/1/5
       1 ᠰᠠᠷ᠎ᠠ ᠶᠢᠨ 2 ᠤ ᠡᠳᠤᠷ᠂ ᠠᠪᠠᠭ᠎ᠠ ᠬᠤᠰᠢᠭᠤ ︽ᠰᠢᠨ᠎ᠠ ᠴᠠᠭ ᠦᠶ᠎ᠠ ᠶᠢᠨ ᠦᠡᠳᠤᠰᠤᠳᠠᠨ ᠤ ᠤᠨᠤᠯ ᠲᠦᠷᠤ ᠶᠢᠨ ᠪᠤᠳᠤᠯᠭ᠎ᠠ ᠶᠢᠨ ᠮᠡᠳᠡᠯᠬᠡ︾ ᠶᠢᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠶᠠᠪᠤᠭᠳᠠᠭᠤᠯᠵᠤ᠂ 12 ᠰᠠᠷ᠎ᠠ ᠶᠢᠨ 27 ᠤ ᠡᠳᠤᠷ ᠶᠠᠪᠤᠭᠳᠠᠭᠰᠡᠨ ᠤᠷᠤᠯᠳᠤᠭᠠᠨ ᠳᠤ ᠱᠠᠩᠨᠠᠯ ᠬᠦᠷᠳᠡᠭᠰᠡᠳ ᠲᠤ ᠱᠠᠩᠨᠠᠯ ᠭᠠᠷᠳᠠᠭᠤᠯᠪᠠ᠃       ᠲᠤᠰ ᠤᠳᠠᠭᠠᠨ ᠤ ᠤᠷᠤᠯᠳᠤᠭᠠᠨ ᠨᠢ ︽ᠰᠢᠨ᠎ᠠ ᠴᠠᠭ ᠦᠶ᠎ᠠ ᠶᠢᠨ ᠦᠡᠳᠤᠰᠤᠳᠠᠨ ᠤ ᠤᠨᠤᠯ ᠤᠨ ᠲᠦᠷᠤ  ᠶᠢᠨ ᠪᠤᠳᠤᠯᠭ᠎ᠠ︾ ᠬᠡᠬᠦ ᠨᠤᠮ ᠤᠨ ᠠᠭᠤᠯᠭ᠎ᠠ ᠶᠢᠨ ᠲᠤᠭᠤᠷᠢᠨ ᠳᠤ᠂ ᠰᠢᠯᠭᠠᠯᠳᠠ ᠶᠢᠨ ᠠᠰᠠᠭᠤᠯᠳᠠ ᠬᠠᠷᠢᠭᠤᠯᠳᠠ  ᠶᠢᠨ ᠬᠡᠯᠪᠡᠷᠢ ᠪᠠᠷ ᠶᠠᠪᠤᠭᠳᠠᠵᠤ᠂ ᠠᠬᠤᠢ ᠲᠠᠯᠠᠪᠠᠢ ᠳᠤ ᠤᠷᠤᠯᠳᠤᠭᠠᠨ ᠳᠤ ᠤᠷᠤᠯᠴᠠᠭᠰᠡᠳ ᠤᠨ ᠦᠡᠳᠤᠰᠤᠳᠠᠨ ᠤ ᠲᠦᠷᠤ ᠶᠢᠨ ᠪᠤᠳᠤᠯᠭ᠎ᠠ ᠬᠠᠤᠯᠢ ᠲᠤᠭᠳᠠᠭᠠᠯ ᠢ ᠬᠡᠷᠬᠢᠨ ᠦᠢᠯᠠᠭᠠᠵᠤ ᠡᠵᠡᠮᠰᠢᠭᠰᠡᠨ ᠪᠠᠶᠢᠳᠠᠯ ᠢ ᠰᠢᠯᠭᠠᠭᠰᠡᠨ ᠪᠠᠶᠢᠨ᠎ᠠ ᠃ ᠡᠯ᠎ᠠ ᠰᠤᠮᠤ ᠪᠠᠯᠭᠠᠰᠤᠨ ᠤ ᠺᠠᠳ᠋ᠷ ᠠᠵᠢᠯᠳᠠᠨ ᠵᠢᠴᠢ ᠮᠠᠯᠴᠢᠳ᠂ ᠡᠯ᠎ᠠ ᠰᠤᠷᠭᠠᠭᠤᠯᠢ ᠶᠢᠨ ᠪᠠᠭᠰᠢ ᠨᠠᠷ ᠨᠠᠶᠢᠳᠠ 70 ᠭᠠᠷᠤᠢ ᠬᠦᠮᠤᠨ ᠤᠷᠤᠯᠳᠤᠭᠠᠨ ᠳᠤ ᠤᠷᠤᠯᠴᠠᠵᠠᠢ᠃       ᠤᠶᠤᠨ ᠤ ᠰᠤᠷᠢᠭ᠎ᠠ ᠪᠠᠷ ᠲᠠᠮᠵᠢᠨ᠂ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠨᠠᠡᠳᠢᠡᠴᠡᠴᠡᠭ ᠨᠢᠬᠡᠳᠤᠬᠡᠷ ᠲᠠᠰ ᠤᠨ ᠱᠠᠩᠨᠠᠯ ᠬᠦᠷᠳᠡᠵᠤ᠂ ᠵᠠᠰᠠᠭ ᠤᠨ ᠤᠷᠳᠤᠨ ᠤ ᠠᠯᠪᠠᠨ ᠬᠡᠷ ᠤᠨ ᠨᠠᠪᠴᠢ᠂ ᠮᠦᠩᠬᠡᠵᠤᠯᠠ ᠬᠤᠶᠡᠳᠤᠭᠠᠷ ᠲᠠᠰ ᠤᠨ ᠱᠠᠩᠨᠠᠯ ᠬᠦᠷᠳᠡᠨ᠂ ᠴᠠᠭᠠᠡᠨᠠᠭᠤᠷ ᠪᠠᠯᠭᠠᠰᠤᠨ ᠤ ᠮᠠᠯᠴᠢᠨ ᠰᠤᠷᠭᠤᠭ᠂ ᠶᠠᠬᠡᠭᠤᠤᠯ ᠰᠤᠮᠤᠨ ᠤ ᠮᠠᠯᠴᠢᠨ ᠤᠳᠬᠠᠡᠴᠡᠴᠡᠭ᠂ ᠨᠢᠬᠡᠳᠤᠬᠡᠷ ᠪᠠᠭ᠎ᠠ ᠰᠤᠷᠭᠠᠭᠤᠯᠢ ᠶᠢᠨ ᠨᠠᠡᠳᠢᠡᠴᠡᠴᠡᠭ ᠨᠠᠷ ᠭᠤᠷᠪᠡᠳᠤᠭᠠᠷ ᠲᠠᠰ ᠤᠨ ᠱᠠᠩᠨᠠᠯ ᠬᠦᠷᠳᠡᠵᠡᠢ᠃       ᠲᠤᠰ ᠤᠳᠠᠭᠠᠨ ᠤ ᠦᠡᠳᠤᠰᠤᠳᠠᠨ ᠤ ᠤᠨᠤᠯ ᠲᠦᠷᠤ ᠶᠢᠨ ᠪᠤᠳᠤᠯᠭ᠎ᠠ ᠶᠢᠨ ᠮᠡᠳᠡᠯᠬᠡ ᠶᠢᠨ ᠤᠷᠤᠯᠳᠤᠭᠠᠨ  ᠤ ᠠᠵᠢᠯᠯᠠᠭ᠎ᠠ ᠨᠢ ᠨᠢᠬᠡ ᠤᠳᠠᠭᠠᠨ ᠤ ᠤᠨᠤᠯ ᠤᠨ ᠮᠡᠳᠡᠯᠬᠡ ᠶᠢᠨ ᠮᠦᠷᠤᠶᠢᠴᠡᠬᠡᠨ ᠪᠤᠯᠤᠭᠰᠡᠨ ᠮᠦᠷᠳᠡᠬᠡᠨ ᠪᠠᠰᠠ ᠨᠢᠬᠡ ᠤᠳᠠᠭᠠᠨ ᠤ ᠮᠠᠨ ᠤ ᠬᠤᠰᠢᠭᠤᠨ ᠤ ᠡᠯ᠎ᠠ ᠰᠤᠮᠤ ᠪᠠᠯᠭᠠᠰᠤᠨ ᠤ ᠺᠠᠳ᠋ᠷ ᠠᠵᠢᠯᠳᠠᠨ᠂ ᠮᠠᠯᠴᠢᠨ ᠲᠦᠮᠡᠨ ᠤ ᠨᠢᠭᠳᠠᠷᠠᠯ ᠤᠨ ᠬᠦᠴᠤᠨ᠂ ᠲᠦᠪᠯᠡᠷᠡᠩᠬᠦᠢ ᠬᠦᠴᠤᠨ ᠢ ᠲᠡᠬᠡᠭᠰᠢᠯᠡᠬᠦᠯᠬᠦ ᠬᠦᠮᠤᠵᠢᠯ ᠪᠠᠶᠢᠵᠤ᠂ ᠨᠠᠮ ᠤᠨ ᠬᠡᠰᠢᠬᠦᠨ ᠤᠯᠠᠨ ᠲᠦᠮᠡᠨ ᠤ ᠦᠡᠳᠤᠰᠤᠳᠠᠨ ᠤ ᠪᠦᠯᠬᠦᠮᠳᠠᠯ ᠢ ᠬᠠᠮᠠᠭᠠᠯᠠᠬᠤ ᠢᠳᠡᠬᠡᠯ ᠵᠤᠷᠢᠭ ᠢ ᠶᠡᠭᠡ ᠪᠠᠷ ᠲᠡᠬᠡᠭᠰᠢᠯᠡᠬᠦᠯᠵᠤ᠂ ᠰᠤᠷᠬᠤ ᠪᠠ ᠰᠢᠯᠭᠠᠬᠤ ᠶᠢ ᠤᠶᠠᠯᠳᠤᠭᠤᠯᠬᠤ᠂ ᠰᠤᠷᠬᠤ ᠪᠠ ᠬᠡᠷᠡᠭᠯᠡᠬᠦ ᠶᠢ ᠬᠠᠷᠢᠯᠴᠠᠨ ᠠᠬᠢᠭᠤᠯᠬᠤ ᠵᠤᠷᠢᠯᠭ᠎ᠠ ᠳᠤ ᠬᠦᠷᠦᠭᠰᠡᠨ ᠪᠠᠶᠢᠨ᠎ᠠ᠃ ᠡᠨᠡᠬᠦ ᠤᠷᠤᠯᠳᠤᠭᠠᠨ ᠢ ᠠᠪᠠᠭ᠎ᠠ ᠬᠤᠰᠢᠭᠤᠨ ᠤ ᠦᠡᠳᠤᠰᠤᠳᠠᠨ ᠤ ᠬᠡᠷᠡᠭ ᠡᠷᠬᠢᠯᠡᠬᠦ ᠵᠦᠪᠯᠡᠯ ᠂ ᠠᠪᠠᠭ᠎ᠠ ᠬᠤᠰᠢᠭᠤᠨ ᠤ ᠰᠤᠶᠤᠯ ᠲᠠᠮᠢᠷ ᠵᠢᠭᠤᠯᠴᠢᠯᠡᠯ ᠷᠡᠳᠢᠤ᠋ ᠲᠧᠯᠸᠢᠰ ᠲᠤᠪᠴᠢᠶ᠎ᠠ ᠠᠴᠠ ᠭᠤᠤᠯᠯᠠᠨ ᠡᠷᠬᠢᠯᠡᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠰᠢᠭᠤ ᠨᠠᠮ ᠤᠨ ᠬᠤᠷᠢᠶᠠᠨ ᠤ ᠨᠢᠬᠡᠳᠤᠮᠠᠯ ᠹᠷᠤᠡᠲ  ᠤᠨ ᠬᠡᠯᠳᠡᠰ᠂ ᠬᠤᠰᠢᠭᠤ ᠰᠢᠨ᠎ᠠ ᠴᠠᠭ ᠦᠶ᠎ᠠ ᠶᠢᠨ ᠪᠤᠯᠪᠠᠰᠤᠨ ᠦᠢᠯᠡᠳᠤᠯᠬᠡ ᠶᠢᠨ ᠦᠢᠯᠡᠴᠢᠯᠡᠬᠡᠨ ᠤ ᠲᠦᠪ ᠠᠴᠠ ᠬᠠᠮᠵᠢᠯᠴᠠᠨ ᠡᠷᠬᠢᠯᠡᠵᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠲᠠᠭᠠᠭᠠᠴᠢᠯᠠᠨ ᠡᠷᠬᠢᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号