ᠰᠠᠷᠠᠭᠤᠯᠳᠠᠯ᠎ᠠ ᠭᠠᠴᠠᠭ᠎ᠠ ᠮᠠᠯᠴᠢᠳ ᠲᠤ ᠪᠠᠨ 86 ᠲᠤᠨ ᠲᠠᠵᠢᠬᠡᠯ ᠪᠤᠷᠳᠤᠭ᠎ᠠ ᠦᠨ᠎ᠠ ᠲᠦᠯᠤᠪᠤᠷᠢ ᠦᠬᠡᠢ ᠲᠠᠷᠬᠠᠭᠠᠨ ᠦᠭᠬᠦᠯ᠎ᠠ
ᠨᠡᠶᠢᠲᠡᠯᠡᠭᠰᠡᠨ ᠴᠠᠭ᠄
2024/1/9
      ᠦᠢᠷ᠎ᠠ ᠳᠤ᠂ ᠠᠪᠠᠭ᠎ᠠ ᠬᠤᠰᠢᠭᠤᠨ ᠤ ᠨᠠᠷᠠᠡᠪᠤᠯᠠᠭ ᠰᠤᠮᠤᠨ ᠤ ᠰᠠᠷᠠᠭᠤᠯᠳᠠᠯ᠎ᠠ ᠭᠠᠴᠠᠭ᠎ᠠ ᠮᠠᠯᠴᠢᠳ ᠲᠤ ᠎ ᠪᠠᠨ 86 ᠲᠤᠨ ᠲᠡᠵᠢᠬᠡᠯ ᠪᠤᠷᠳᠤᠭ᠎ᠠ ᠦᠨ᠎ᠠ ᠲᠦᠯᠤᠪᠤᠷᠢ ᠦᠬᠡᠢ ᠪᠠᠷ ᠲᠠᠷᠬᠠᠭᠠᠨ ᠦᠭᠴᠤ᠂ ᠠᠷᠡᠳ ᠤᠨ ᠬᠦᠴᠢᠷᠳᠡᠯ ᠢ ᠰᠢᠢᠳᠪᠤᠷᠢᠯᠡᠵᠤ᠂ ᠠᠷᠡᠳ ᠲᠤ ᠠᠰᠢᠭ ᠬᠦᠷᠳᠡᠬᠡᠨ᠂ ᠮᠠᠯᠴᠢᠳ ᠤᠨ ᠬᠠᠯᠠᠭᠤᠨ ᠬᠦᠷᠢᠶᠠᠯᠠᠯ ᠢ ᠤᠯᠤᠭᠰᠡᠨ ᠪᠠᠶᠢᠨ᠎ᠠ᠃       ᠭᠠᠨᠭ᠌ ᠬᠠᠭᠰᠠᠷᠠᠭᠠᠨ ᠬᠢᠬᠡᠳ ᠮᠠᠯ ᠤᠨ ᠦᠨ᠎ᠠ ᠬᠠᠩᠰᠢ ᠶᠢᠨ ᠪᠠᠭᠤᠷᠠᠯᠳᠠ ᠶᠢᠨ ᠨᠦᠯᠤᠬᠡ ᠠᠴᠠ ᠪᠤᠯᠵᠤ᠂ ᠡᠨ᠋ᠨ ᠵᠢᠯ ᠤᠨ ᠮᠠᠯᠴᠢᠳ ᠤᠨ ᠦᠢᠯᠡᠳᠪᠤᠷᠢᠯᠡᠯ ᠠᠮᠢᠳᠤᠷᠡᠯ ᠬᠦᠡᠳᠤ ᠬᠡᠴᠡᠬᠦᠦ ᠦᠷᠢᠰᠤᠯᠳᠤᠬᠡᠨ ᠳᠤ ᠲᠤᠯᠭᠠᠷᠠᠭᠰᠡᠨ ᠶᠤᠮ᠃ ᠭᠠᠨᠭ᠌ ᠬᠠᠭᠰᠠᠷᠠᠭᠠᠨ ᠠᠴᠠ ᠪᠤᠯᠤᠭᠰᠡᠨ ᠬᠦᠴᠢᠷᠳᠡᠯ ᠢ ᠠᠷᠭᠠᠴᠠᠭᠠᠨ᠂ ᠦᠢᠯᠡᠳᠪᠤᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠵᠤ᠂ ᠮᠠᠯ ᠰᠦᠷᠦᠭ ᠤᠨ ᠡᠪᠤᠯ ᠬᠠᠪᠤᠷ ᠢ ᠮᠠᠡᠳᠤ ᠲᠤᠭᠤᠯᠬᠤ ᠶᠢ ᠪᠠᠳᠤᠯᠠᠬᠤ ᠶᠢᠨ ᠲᠦᠯᠤᠬᠡ ᠂ ᠰᠠᠷᠠᠭᠤᠯᠳᠠᠯ᠎ᠠ ᠭᠠᠴᠠᠭᠠᠨ ᠤ ︽ᠬᠤᠶᠡᠷ ᠵᠦᠪᠯᠡᠯ︾ ᠠᠷᠡᠳ ᠤᠨ ᠲᠦᠯᠤᠬᠡ ᠪᠤᠳᠠᠳᠤ ᠠᠵᠢᠯ ᠬᠢᠬᠦ ᠳᠤ ᠰᠠᠭᠤᠷᠢᠯᠠᠵᠤ᠂ ᠡᠷᠤᠬᠡ ᠪᠦᠷᠢ ᠳᠤ 1 ᠲᠤᠨ ᠤ ᠪᠠᠷᠢᠮᠵᠢᠶ᠎ᠠ ᠪᠠᠷ 86 ᠲᠤᠨ ᠲᠡᠵᠢᠬᠡᠯ ᠪᠤᠷᠳᠤᠭ᠎ᠠ ᠬᠤᠳᠠᠯᠳᠤᠨ ᠠᠪᠴᠤ ᠲᠠᠷᠬᠠᠭᠠᠨ᠂ ᠮᠠᠯᠴᠢᠳ ᠲᠤ 27 ᠲᠦᠮᠡᠨ ᠲᠦᠬᠦᠷᠢᠭ ᠤᠨ ᠵᠠᠷᠤᠳᠠᠯ ᠢ ᠠᠷᠪᠢᠯᠠᠵᠤ ᠦᠭᠬᠦᠭᠰᠡᠨ ᠪᠠᠶᠢᠨ᠎ᠠ᠃ ᠡᠨ᠋ᠨ ᠬᠦ ᠠᠵᠢᠯᠯᠠᠭ᠎ᠠ ᠨᠢ ᠮᠠᠯᠴᠢᠳ ᠤᠨ ᠦᠢᠯᠡᠳᠪᠤᠷᠢᠯᠡᠯ ᠠᠮᠢᠳᠤᠷᠡᠯ ᠤᠨ ᠪᠠᠳᠤᠯᠠᠭ᠎ᠠ ᠶᠢ ᠨᠡᠮᠡᠭᠳᠡᠬᠦᠯᠦᠭᠰᠡᠨ ᠢᠶᠠᠷ ᠪᠠᠷᠠᠬᠤ ᠦᠬᠡᠢ ᠲᠡᠳᠡᠨ ᠤ ᠠᠵᠤ ᠠᠬᠤᠢ ᠶᠢᠨ ᠲᠠᠷᠤᠭᠠᠰᠤ ᠶᠢ ᠴᠤ ᠵᠤᠬᠢᠬᠤ ᠬᠡᠮᠵᠢᠶᠠᠨ ᠳᠤ ᠬᠦᠩᠬᠡᠷᠡᠬᠦᠯᠦᠭᠰᠡᠨ ᠪᠠᠶᠢᠨ᠎ᠠ᠃       ᠪᠤᠷᠳᠤᠭ᠎ᠠ ᠲᠠᠷᠬᠠᠭᠠᠬᠤ ᠠᠬᠤᠢ ᠲᠠᠯᠠᠪᠠᠢ ᠳᠤ᠂ ᠰᠠᠷᠠᠭᠤᠯᠳᠠᠯ᠎ᠠ ᠭᠠᠴᠠᠭᠠᠨ ᠤ ᠮᠠᠯᠴᠢᠨ ᠰᠠᠶᠢᠨ ᠲᠤᠷᠠᠴᠤᠤᠯ ᠪᠦᠯᠬᠦᠮᠳᠠᠨ ᠬᠠᠮᠵᠢᠯᠴᠠᠵᠤ᠂ ᠪᠤᠷᠳᠤᠭ᠎ᠠ ᠠᠪᠴᠤ ᠪᠠᠶᠢᠭ᠎ᠠ ᠮᠠᠯᠴᠢᠳ ᠲᠤ ᠬᠠᠮᠵᠢᠨ ᠲᠡᠬᠡᠬᠡᠵᠤ ᠵᠦᠬᠡᠬᠡᠪᠤᠷᠢᠯᠡᠬᠦ ᠦᠢᠯᠡᠴᠢᠯᠡᠭᠡ ᠬᠠᠩᠭᠠᠵᠤ᠂ ᠶᠠᠭᠠᠷᠠᠯᠳᠡᠢ ᠮᠦᠷᠳᠡᠬᠡᠨ ᠡᠮᠬᠢ ᠴᠡᠭᠴᠠ ᠲᠠᠢ ᠶᠠᠪᠤᠭᠳᠠᠨ᠂ ᠤᠯᠠᠨ ᠤ ᠴᠢᠷᠠᠢ ᠳᠤ ᠵᠢᠷᠭᠠᠯ ᠎ ᠤᠨ ᠮᠦᠰᠢᠶᠠᠳᠤ ᠲᠤᠳᠤᠷᠠᠩᠬᠠᠨ ᠪᠠᠶᠢᠯ᠎ᠠ᠃ ᠨᠢᠬᠡ ᠮᠠᠯᠴᠢᠨ᠄ ︽ᠪᠢᠳᠠᠨ ᠳᠤ ᠦᠨ᠎ᠠ ᠲᠦᠯᠤᠪᠤᠷᠢ ᠦᠬᠡᠢ ᠲᠡᠵᠢᠬᠡᠯ ᠪᠤᠷᠳᠤᠭ᠎ᠠ ᠲᠠᠷᠭᠠᠬᠠᠵᠤ ᠦᠭᠬᠦᠭᠰᠡᠨ ᠨᠢ ᠦᠢᠯᠡᠳᠪᠤᠷᠢᠯᠡᠯ ᠠᠮᠢᠳᠤᠷᠡᠯ ᠳᠤ ᠪᠠᠳᠤᠯᠠᠭ᠎ᠠ ᠬᠠᠩᠭᠠᠭᠰᠡᠨ ᠢᠶᠠᠷ ᠪᠠᠷᠠᠬᠤ ᠦᠬᠡᠢ ᠠᠵᠤ ᠠᠬᠤᠢ ᠶᠢᠨ ᠲᠠᠷᠤᠭᠠᠰᠤ ᠶᠢ ᠬᠦᠩᠬᠡᠯᠡᠵᠤ ᠦᠭᠬᠦᠭᠰᠡᠨ ᠶᠤᠮ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠵᠢᠷᠤᠬᠡ ᠰᠡᠳᠬᠢᠯ ᠢᠶᠠᠷ ᠢᠶᠠᠨ ᠮᠠᠳᠠᠷᠠᠵᠤ ᠪᠠᠶᠢᠨ᠎ᠠ︾ ᠬᠡᠵᠤ ᠮᠠᠰᠢ ᠲᠤᠭᠳᠤᠯᠤᠨ ᠶᠠᠷᠢᠯ᠎ᠠ᠃      ᠤᠯᠠᠨ ᠵᠢᠯ ᠤᠨ ᠲᠤᠷᠰᠢ᠂ ᠰᠠᠷᠠᠭᠤᠯᠳᠠᠯ᠎ᠠ ᠭᠠᠴᠠᠭ᠎ᠠ ᠠᠷᠡᠳ ᠲᠦᠮᠡᠨ ᠳᠤ ᠦᠢᠯᠡᠴᠢᠯᠡᠬᠦ ᠵᠤᠷᠢᠯᠳᠠ ᠶᠢ ᠢᠮᠠᠭᠳᠠ ᠪᠠᠷᠢᠮᠳᠠᠯᠠᠨ᠂ ᠮᠠᠯᠴᠢᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠬᠠᠯᠠᠮᠵᠢᠯᠠᠨ ᠠᠩᠬᠠᠷᠴᠤ᠂ ᠪᠦᠬᠦ ᠬᠦᠴᠤᠨ ᠢᠶᠠᠷ ᠢᠶᠠᠨ ᠤᠯᠠᠨ ᠲᠦᠮᠡᠨ ᠤ ᠬᠦᠴᠢᠷ ᠵᠤᠪᠠᠭᠤᠷᠢ ᠶᠢ ᠰᠢᠢᠳᠪᠤᠷᠢᠯᠡᠨ᠂ ᠠᠷᠡᠳ ᠤᠨ ᠲᠦᠯᠤᠬᠡ ᠪᠤᠳᠠᠳᠤ ᠠᠵᠢᠯ ᠬᠢᠵᠤ᠂ ᠮᠠᠯᠴᠢᠨ ᠲᠦᠮᠡᠨ ᠤ ᠬᠦᠷᠳᠡᠮᠵᠢ ᠶᠢᠨ ᠲᠦᠷᠦᠭᠳᠡᠯ ᠪᠠ ᠵᠤᠯ ᠵᠢᠷᠭᠠᠯ ᠤᠨ ᠲᠦᠷᠦᠭᠳᠡᠯ ᠢ ᠴᠢᠷᠮᠠᠶᠢᠨ ᠲᠡᠬᠡᠭᠰᠢᠯᠡᠬᠦᠯᠦᠭᠰᠡᠬᠡᠷ ᠢᠷᠠᠵᠠᠢ᠃      ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠠᠳᠤᠪᠳᠤ ᠬᠦᠮᠤᠵᠢᠯ ᠢ ᠦᠷᠨᠢᠬᠦᠯᠦᠭᠰᠡᠨ ᠠᠴᠠ ᠨᠠᠰᠢ᠂ ᠪᠦᠬᠦ ᠬᠤᠰᠢᠭᠤ ᠪᠠᠷ ᠢᠶᠠᠨ ᠠᠷᠡᠳ ᠲᠦᠮᠡᠨ ᠢᠶᠠᠷ ᠭᠤᠤᠯ ᠪᠤᠯᠭᠠᠭᠰᠡᠨ ᠬᠦᠭᠵᠢᠯᠳᠠ ᠶᠢᠨ ᠦᠵᠡᠯ ᠰᠠᠨᠠᠭ᠎ᠠ ᠲᠠᠢ ᠨᠢᠭᠳᠠ ᠤᠶᠠᠯᠳᠤᠭᠤᠯᠤᠨ᠂ ᠡᠯ᠎ᠠ ᠵᠥᠢᠯ ᠤᠨ ᠠᠷᠡᠳ ᠲᠤ ᠠᠰᠢᠭ ᠬᠦᠷᠳᠡᠬᠡᠬᠦ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠡᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠤᠳᠡᠳᠡᠢ ᠠᠰᠢᠭ ᠲᠤᠰᠠ ᠶᠢᠨ ᠠᠰᠠᠭᠤᠳᠠᠯ ᠢ ᠢᠳᠡᠪᠬᠢᠳᠡᠢ ᠰᠢᠢᠳᠪᠤᠷᠢᠯᠡᠨ᠂ ᠤᠯᠠᠨ ᠲᠦᠮᠡᠨ ᠳᠤ ᠦᠨᠡᠨ ᠬᠦ ᠪᠤᠳᠠᠳᠤ ᠶᠠᠪᠤᠳᠠᠯ ᠬᠢᠵᠤ᠂ ᠬᠦᠴᠢᠷ ᠶᠠᠪᠤᠳᠠᠯ ᠢ ᠰᠢᠢᠳᠪᠤᠷᠢᠯᠡᠨ᠂ ᠰᠠᠶᠢᠨ ᠦᠢᠯᠡ ᠦᠢᠯᠡᠳᠤᠨ᠂ ᠠᠷᠡᠳ ᠤᠯᠠᠨ ᠳᠤ ᠦᠬᠡᠷᠡᠴᠢᠯᠡᠯᠳᠡ ᠬᠦᠭᠵᠢᠯᠳᠠ ᠶᠢᠨ ᠦᠷ᠎ᠠ ᠪᠦᠳᠤᠬᠡᠯ ᠢ ᠬᠠᠮᠳᠤ ᠪᠠᠷ ᠡᠳ᠋ᠯᠡᠬᠦᠯᠵᠤ ᠢᠷᠡᠭᠰᠡᠨ ᠶᠤᠮ᠃ ᠰᠠᠷᠠᠭᠤᠯᠳᠠᠯ᠎ᠠ ᠭᠠᠴᠠᠭᠠᠨ ᠤ 86 ᠲᠤᠨ ᠲᠡᠵᠢᠬᠡᠯ ᠪᠤᠷᠳᠤᠭ᠎ᠠ ᠶᠢ ᠦᠨ᠎ᠠ ᠲᠦᠯᠤᠪᠤᠷᠢ ᠦᠬᠡᠢ ᠎ ᠪᠠᠷ ᠲᠠᠷᠬᠠᠭᠠᠭᠰᠡᠨ ᠨᠢ ᠮᠠᠯᠴᠢᠨ ᠲᠦᠮᠡᠨ ᠳᠤ ᠦᠢᠯᠡᠴᠢᠯᠡᠭᠰᠡᠨ ᠠᠮᠢᠳᠤᠯᠢᠭ ᠦᠢᠯᠡᠳᠤᠯᠬᠡ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号