ᠠᠪᠠᠭ᠎ᠠ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠲᠥᠷᠦᠯ ᠵᠦᠢᠯ ᠤᠨ ᠤᠷᠤᠯᠳᠤᠭᠠᠨ  ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/10/12
   9 ᠰᠠᠷ᠎ᠠ ᠶᠢᠨ 26 ᠤ ᠡᠳᠦᠷ᠂ ᠠᠪᠠᠭ᠎ᠠ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠲᠥᠷᠦᠯ ᠵᠦᠢᠯ ᠤᠨ ᠤᠷᠤᠯᠳᠤᠭᠠᠨ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠰᠠᠯᠪᠤᠷᠢ ᠲᠦᠪ ᠲᠤ ᠠᠮᠵᠢᠯᠲᠠ ᠲᠠᠢ ᠶᠠᠪᠤᠭᠳᠠᠪᠠ᠃ ᠤᠷᠤᠯᠳᠤᠭᠠᠨ ᠢ ᠬᠤᠰᠢᠭᠤ ᠤᠬᠠᠭᠤᠯᠬᠤ ᠬᠡᠯᠲᠡᠰ ᠠᠴᠠ ᠭᠤᠤᠯᠯᠠᠨ ᠡᠷᠬᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ  ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠬᠢᠯᠡᠪᠡ᠃ᠤᠷᠤᠯᠳᠤᠭᠠᠨ ᠨᠢ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠯᠪᠠᠰᠤᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠪᠠᠷ ᠵᠣᠷᠢᠯᠭ᠎ᠠ ᠪᠠᠨ ᠪᠤᠯᠭᠠᠪᠠ᠃    ᠤᠷᠤᠯᠳᠤᠭᠠᠨ ᠳᠤ ᠨᠡᠶᠢᠲᠡ 16 ᠲᠥᠯᠥᠭᠡᠯᠡᠭᠴᠢᠳ ᠤᠨ ᠠᠩᠭᠢ ᠣᠷᠣᠯᠴᠠᠵᠤ᠂ ᠠᠩᠬ᠎ᠠ ᠠᠯᠬᠤᠮ ᠤᠨ ᠬᠢᠨᠠᠨ ᠰᠢᠯᠭᠠᠯᠲᠠ ᠪᠠᠷ ᠳᠡᠮᠵᠢᠨ᠂ 12 ᠲᠥᠯᠦᠭᠡᠯᠡᠭᠴᠢᠳ ᠤᠨ ᠠᠩᠭᠢ ᠡᠴᠦᠰ ᠤᠨ ᠰᠢᠯᠭᠠᠷᠠᠭᠤᠯᠤᠯᠲᠠ ᠳᠤ ᠣᠷᠣᠯᠴᠠᠵᠡᠢ᠃ ᠪᠥᠬᠦ ᠬᠤᠰᠢᠭᠤᠨ ᠤ ᠡᠯ᠎ᠡ ᠬᠦᠷᠢᠶ᠎ᠡ ᠴᠠᠷᠠᠭ᠎ᠠ ᠠᠴᠠ ᠢᠷᠡᠭᠰᠡᠨ ᠲᠦᠯᠦᠭᠡᠯᠡᠭᠴᠢᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠦᠪᠡᠷᠰᠡᠳ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠦᠢᠯᠡᠳᠦᠯᠭᠡ ᠶᠢᠨ ᠲᠤᠷᠰᠢᠯᠭ᠎ᠠ ᠪᠠᠨ ᠳᠡᠯᠭᠡᠨ ᠦᠵᠡᠭᠦᠯᠪᠡ᠃ ᠤᠷᠤᠯᠳᠤᠭᠠᠨ ᠳᠤ ᠣᠷᠣᠯᠴᠠᠭᠰᠠᠨ ᠲᠥᠷᠥᠯ ᠵᠦᠢᠯ ᠤᠨ ᠠᠭᠤᠯᠭ᠎ᠠ ᠳᠤ ᠲᠥᠷᠥ ᠶᠢᠨ ᠪᠣᠳᠣᠯᠭ᠎ᠠ ᠣᠨᠣᠯ ᠤᠨ ᠤᠬᠠᠭᠤᠯᠤᠨ ᠲᠠᠶᠢᠯᠪᠤᠷᠢᠯᠠᠬᠤ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ᠂ ᠨᠠᠰᠤᠲᠠᠶᠢᠴᠤᠳ ᠢ ᠬᠠᠪᠰᠤᠷᠤᠨ ᠵᠡᠮᠳᠡᠭᠴᠦᠳ ᠢ ᠲᠤᠰᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠪᠤᠯᠬᠢ ᠲᠠᠳᠬᠠᠯ ᠢ ᠥᠭᠡᠷᠡᠴᠢᠯᠡᠬᠦ᠂ ᠰᠤᠷᠤᠯᠭ᠎ᠠ ᠶᠢ ᠲᠡᠳᠬᠦᠵᠦ ᠰᠤᠷᠭᠠᠨ ᠬᠥᠮᠦᠵᠢᠯ ᠢ ᠳᠡᠮᠵᠢᠬᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠵᠡᠷᠭᠡ ᠡᠯᠪᠡᠭ ᠪᠠᠶᠠᠯᠢᠭ ᠠᠭᠤᠯᠭ᠎ᠠ ᠶᠢ ᠬᠠᠮᠤᠷᠴᠤ᠂ ᠠᠪᠠᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠣᠯᠠᠨ ᠡᠰᠢᠲᠦ ᠴᠢᠨᠠᠷ ᠪᠠ ᠡᠯᠪᠡᠭ ᠪᠠᠶᠠᠯᠢᠭ ᠴᠢᠨᠠᠷ ᠢ ᠭᠦᠢᠴᠡᠳ ᠢᠯᠡᠷᠡᠭᠦᠯᠪᠡ᠃    ᠤᠷᠤᠯᠳᠤᠭᠠᠨ ᠳᠤ ᠣᠷᠣᠯᠴᠠᠭᠰᠠᠳ PPT ᠦᠵᠡᠭᠦᠯᠭᠡ ᠶᠢᠨ ᠬᠡᠯᠪᠡᠷᠢ ᠪᠠᠷ ᠨᠠᠷᠢᠨ ᠨᠢᠮᠪᠠᠢ ᠪᠡᠯᠡᠳᠭᠡᠭᠰᠡᠨ ᠪᠠᠶᠠᠯᠢᠭ ᠠᠭᠤᠯᠭ᠎ᠠ ᠪᠠᠨ ᠠᠮᠢᠳᠤᠯᠢᠭ ᠪᠤᠳᠠᠳᠠᠢ ᠬᠠᠷᠠᠭᠤᠯᠤᠨ ᠲᠠᠶᠢᠯᠪᠤᠷᠢᠯᠠᠵᠦ᠂ ᠬᠢᠨᠠᠭᠴᠢᠳ ᠪᠠ ᠦᠵᠡᠭᠴᠢᠳ ᠲᠤ ᠲᠥᠷᠥᠯ ᠵᠦᠢᠯ ᠤᠨ ᠠᠬᠤᠶ ᠪᠠᠶᠢᠳᠠᠯ᠂ ᠬᠠᠷᠠᠯᠲᠠ᠂ ᠬᠡᠷᠡᠭᠵᠢᠭᠦᠯᠬᠦ ᠶᠠᠪᠤᠴᠠ ᠵᠢᠴᠢ ᠣᠯᠤᠭᠰᠠᠨ ᠢᠯᠡᠳᠲᠡ ᠦᠷ᠎ᠡ ᠪᠦᠲᠦᠮᠵᠢ ᠶᠢ ᠲᠠᠨᠢᠯᠴᠠᠭᠤᠯᠪᠠ᠃ ᠬᠢᠨᠠᠭᠴᠢᠳ ᠲᠥᠷᠥᠯ ᠵᠦᠢᠯ ᠤᠨ ᠰᠢᠨ᠎ᠡ ᠶᠢ ᠡᠭᠦᠳᠬᠦ ᠴᠢᠨᠠᠷ᠂ ᠪᠣᠯᠤᠮᠵᠢᠲᠤ ᠴᠢᠨᠠᠷ᠂ ᠨᠡᠶᠢᠭᠡᠮ ᠤᠨ ᠦᠷ᠎ᠡ ᠠᠰᠢᠭ ᠪᠣᠯᠤᠨ ᠦᠷᠭᠦᠯᠵᠢᠯᠡᠬᠦ ᠴᠢᠨᠠᠷ ᠵᠡᠷᠭᠡ ᠲᠠᠯ᠎ᠠ ᠶᠢ ᠦᠨᠳᠦᠰᠦᠯᠡᠨ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠤᠯᠲᠠ ᠬᠢᠪᠡ᠃ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠬᠤᠩᠭᠤᠷᠭᠤᠤᠯ ᠪᠠᠯᠭᠠᠰᠤᠨ ᠤ ᠤᠷᠤᠯᠳᠤᠭᠠᠨ ᠳᠤ ᠣᠷᠣᠯᠴᠠᠭᠰᠠᠨ ᠲᠥᠷᠥᠯ ᠵᠦᠢᠯ ᠨᠢᠭᠡᠳᠦᠭᠡᠷ ᠲᠤ ᠲᠤᠳᠤᠷᠠᠵᠦ᠂ ᠴᠠᠭᠠᠨᠨᠠᠭᠤᠷ ᠪᠠᠯᠭᠠᠰᠤᠨ ᠤ ᠤᠷᠤᠯᠳᠤᠭᠠᠨ ᠳᠤ ᠣᠷᠣᠯᠴᠠᠭᠰᠠᠨ ᠲᠥᠷᠥᠯ ᠵᠦᠢᠯ ᠪᠤᠯᠤᠨ ᠵᠢᠷᠭᠠᠯᠠᠩᠲᠤ ᠰᠤᠮᠤᠨ ᠤ ᠤᠷᠤᠯᠳᠤᠭᠠᠨ ᠳᠤ ᠣᠷᠣᠯᠴᠠᠭᠰᠠᠨ ᠲᠥᠷᠥᠯ ᠵᠦᠢᠯ ᠬᠤᠶᠠᠳᠤᠭᠠᠷ ᠲᠤ ᠲᠤᠳᠤᠷᠠᠨ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ᠂ ᠪᠠᠶᠠᠨᠲᠤᠭ ᠰᠤᠮᠤ᠂ ᠬᠤᠰᠢᠭᠤ ᠡᠪᠯᠡᠯ ᠤᠨ ᠬᠤᠷᠢᠶ᠎ᠠ ᠲᠣᠰ ᠲᠣᠰ ᠭᠤᠷᠪᠠᠳᠤᠭᠠᠷ ᠲᠤ ᠲᠤᠳᠤᠷᠠᠵᠦ᠂ ᠪᠤᠰᠤᠳ 6  ᠲᠥᠯᠦᠭᠡᠯᠡᠭᠴᠢᠳ ᠤᠨ ᠠᠩᠭᠢ ᠰᠢᠯᠢᠳᠡᠭ ᠱᠠᠩᠨᠠᠯ ᠭᠥᠷᠳᠡᠪᠡ᠃    ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠠᠪᠠᠭ᠎ᠠ ᠬᠤᠰᠢᠭᠤᠨ ᠤ ᠪᠣᠯᠪᠠᠰᠤᠨ ᠦᠢᠯᠡᠳᠦᠯᠭᠡ ᠶᠢᠨ ᠲᠥᠷᠥᠯ ᠵᠦᠢᠯ ᠳᠤ ᠰᠠᠨᠠᠯ ᠢᠶᠠᠨ ᠰᠣᠯᠢᠯᠴᠠᠬᠤ ᠦᠵᠡᠭᠦᠯᠭᠡ ᠶᠢᠨ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠥᠷᠭᠡᠨ ᠣᠯᠠᠨ ᠲᠦᠮᠡᠨ ᠤ ᠪᠣᠯᠪᠠᠰᠤᠨ ᠦᠢᠯᠡᠳᠦᠯᠭᠡ ᠳᠤ ᠣᠷᠣᠯᠴᠠᠬᠤ ᠢᠳᠡᠪᠬᠢᠵᠢᠯ ᠢ ᠤᠯᠠᠮ ᠬᠥᠭᠵᠢᠭᠡᠵᠦ᠂ ᠠᠪᠠᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号