ᠠᠪᠠᠭ᠎ᠠ ᠬᠤᠰᠢᠭᠤ᠄ ᠮᠠᠯᠴᠢᠳ ᠤᠨ ᠤᠤᠭᠤᠬᠤ ᠤᠰᠤᠨ ᠤ ᠴᠢᠨᠠᠷ ᠢ ᠪᠠᠳᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2024/10/12
   ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠠᠯᠲᠠᠨᠬᠠᠩᠭᠠᠢ ᠭᠠᠴᠠᠭᠠᠨ ᠤ ᠮᠠᠯᠴᠢᠨ ᠪᠠᠲᠤᠰᠦ᠋ᠬᠡ ᠤᠰᠤ ᠴᠡᠪᠡᠷᠰᠢᠬᠦᠯᠬᠦ ᠮᠠᠰᠢᠨ ᠠᠴᠠ ᠪᠠᠨ ᠤᠰᠤ ᠲᠤᠰᠴᠦ᠂ ᠴᠠᠢ ᠴᠢᠨᠠᠬᠤ ᠵᠠᠭᠤᠷ᠎ᠠ  ᠪᠠᠨ᠄ ︽ᠤᠰᠤ ᠴᠡᠪᠡᠷᠰᠢᠭᠦᠯᠬᠦ ᠮᠠᠰᠢᠨ ᠤᠭᠰᠠᠷᠠᠬᠤ ᠠᠴᠠ ᠡᠮᠦᠨ᠎ᠡ  ᠮᠠᠨᠠᠶᠢᠬᠢᠨ ᠤ ᠤᠰᠤ ᠬᠤᠵᠢᠷ   ᠨᠢ ᠶᠡᠭᠡ᠂ ᠱᠣᠷᠪᠣᠭ ᠠᠮᠲᠠ ᠲᠠᠢ᠃ ᠣᠳᠣ  ᠤᠤᠭᠤᠬᠤ ᠤᠰᠤ  ᠴᠡᠪᠡᠷᠰᠢᠭᠰᠡᠨ ᠪᠤᠯᠬᠤ ᠪᠠᠷ᠂ ᠰᠢᠭᠤᠳ ᠤᠤᠭᠤᠵᠤ ᠪᠤᠯᠬᠤ ᠪᠠᠷ ᠪᠠᠷᠠᠬᠤ ᠦᠭᠡᠢ ᠪᠤᠴᠠᠯᠤᠭᠰᠠᠨ ᠤᠰᠤ ᠴᠤ ᠪᠤᠯᠠᠩᠭᠢᠷᠳᠤᠬᠤ ᠦᠭᠡᠢ ᠪᠤᠯᠵᠡᠢ︾ ᠭᠡᠵᠦ ᠪᠠᠶᠠᠷᠬᠠᠨ ᠤᠴᠢᠷᠯᠠᠨ᠎ᠠ᠃    ᠠᠪᠠᠭ᠎ᠠ ᠬᠤᠰᠢᠭᠤᠨ ᠤ ᠭᠠᠵᠠᠷ ᠠᠭᠤᠳᠠᠮ ᠬᠦᠮᠦᠨ ᠴᠦᠬᠡᠨ᠂ ᠮᠠᠯᠴᠢᠳ ᠳᠠᠷᠠᠬᠠᠢ ᠪᠤᠳᠠᠷᠬᠠᠢ ᠰᠠᠭᠤᠷᠢᠰᠢᠵᠤ᠂ ᠮᠠᠯᠵᠢᠬᠤ ᠤᠷᠤᠨ ᠤ ᠤᠤᠭᠤᠬᠤ ᠤᠰᠤᠨ ᠤ ᠭᠤᠤᠯ ᠢᠷᠡᠯᠳᠡ ᠪᠤᠯ ᠭᠠᠵᠠᠷ ᠲᠤᠤᠷᠠᠬᠢ ᠤᠰᠤᠨ ᠤ ᠡᠬᠢ ᠰᠤᠷᠪᠤᠯᠵᠢ ᠪᠠᠶᠢᠵᠤ᠂ ᠬᠡᠰᠡᠭ ᠭᠠᠵᠠᠷ ᠤᠷᠤᠨ ᠤ ᠤᠰᠤᠨ ᠤ ᠴᠢᠨᠠᠷ ᠠᠨᠠᠢ ᠪᠠᠶᠢᠳᠠᠭ᠃ 2019 ᠣᠨ ᠳᠤ᠂ ᠬᠤᠰᠢᠭᠤᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠪᠠᠲᠤᠰᠦ᠋ᠬᠡ   ᠦᠨ᠎ᠡ ᠲᠦᠯᠦᠪᠤᠷᠢ ᠦᠭᠡᠢ ᠤᠰᠤ ᠴᠡᠪᠡᠷᠰᠢᠭᠦᠯᠬᠦ ᠲᠥᠬᠦᠭᠡᠷᠦᠮᠵᠢ ᠠᠴᠠ ᠨᠢ ᠨᠢᠭᠡ ᠶᠢ ᠤᠭᠰᠠᠷᠠᠵᠤ᠂ ᠤᠤᠭᠤᠬᠤ ᠤᠰᠤᠨ ᠤ ᠴᠢᠨᠠᠷ ᠢᠶᠠᠨ ᠳᠡᠭᠡᠭᠰᠢᠯᠡᠭᠦᠯᠪᠡ᠃ ︽ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠦᠢᠯᠡᠳᠪᠦᠷᠢ ᠺᠧ ᠲᠠᠢ ᠰᠢᠩ ᠳ᠋ᠠ ᠶᠢᠨ ᠠᠵᠢᠯᠲᠠᠳ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠢᠷᠡᠵᠦ᠂ ᠰᠢᠬᠦᠬᠦᠷ ᠤᠨ ᠭᠤᠣᠯ ᠢ ᠦᠨ᠎ᠡ ᠲᠦᠯᠤᠪᠤᠷᠢ ᠦᠭᠡᠢ ᠪᠠᠷ ᠰᠤᠯᠢᠨ ᠦᠭᠴᠦ᠂ ᠲᠥᠬᠦᠭᠡᠷᠦᠮᠵᠢ ᠶᠢᠨ ᠬᠡᠮ ᠰᠣᠭᠤᠭ ᠢ ᠪᠠᠶᠢᠴᠠᠭᠠᠨ ᠵᠠᠰᠠᠵᠤ᠂ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠨᠢ ᠮᠠᠰᠢ ᠪᠠᠲᠤᠯᠠᠭ᠎ᠠ ᠲᠠᠢ ᠶᠤᠮ᠃ ᠤᠰᠤ ᠴᠡᠪᠡᠷᠰᠢᠭᠦᠯᠬᠦ ᠲᠥᠬᠦᠭᠡᠷᠦᠮᠵᠢ ᠨᠢ ᠤᠰᠤᠨ ᠤ ᠴᠢᠨᠠᠷ ᠢ ᠰᠠᠶᠢᠵᠢᠷᠠᠭᠤᠯᠤᠭᠰᠠᠨ ᠠᠴᠠ ᠪᠢᠳᠡᠨ ᠤ ᠠᠮᠢᠳᠤᠷᠠᠯ ᠳᠤ ᠨᠡᠩ ᠠᠮᠤᠷ ᠲᠦᠪᠰᠢᠨ᠂ ᠲᠦᠬᠦᠮ ᠲᠦᠳᠡ ᠪᠤᠯᠤᠭᠰᠠᠨ ᠪᠠᠶᠢᠨ᠎ᠠ︾ ᠭᠡᠵᠦ ᠬᠤᠰᠢᠭᠤᠨ ᠠᠴᠠ ᠦᠷᠭᠦᠯᠵᠢᠯᠡᠨ  ᠶᠠᠪᠤᠭᠳᠠᠭᠤᠯᠵᠤ ᠪᠠᠶᠢᠭ᠎ᠠ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠰᠢᠭ ᠬᠦᠷᠳᠡᠵᠦ ᠪᠠᠶᠢᠭ᠎ᠠ ᠲᠤᠬᠠᠢ ᠪᠠᠨ ᠪᠠᠲᠤᠰᠦ᠋ᠬᠡ ᠶᠠᠷᠢᠨ᠎ᠠ᠃    ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠨᠢ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠨᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠠᠴᠠ ᠨᠠᠰᠢ᠂ ᠠᠪᠠᠭ᠎ᠠ ᠬᠤᠰᠢᠭᠤ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠠᠶᠢᠭᠤᠯᠤᠯᠲᠠ ᠶᠢ ᠠᠷᠠᠳ ᠲᠦᠮᠡᠨ ᠳᠤ ᠪᠤᠶᠠᠨ ᠦᠢᠯᠡᠳᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠠᠳᠬᠤᠵᠤ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ ᠦᠭᠡᠷᠡᠴᠢᠯᠡᠨ᠂ ᠢᠳᠡᠪᠬᠢᠲᠡᠢ ᠪᠠᠷ ᠪᠡᠯᠡ ᠮᠥᠩᠭᠦ ᠡᠷᠡᠮᠡᠯᠵᠡᠯᠡᠨ ᠮᠠᠯᠴᠢᠳ ᠲᠤ ᠤᠰᠤ ᠰᠠᠶᠢᠵᠢᠷᠠᠭᠤᠯᠬᠤ ᠲᠥᠬᠦᠭᠡᠷᠦᠮᠵᠢ ᠤᠭᠰᠠᠷᠠᠨ ᠦᠭᠴᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠪᠠ᠃    ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2021 ᠣᠨ ᠠᠴᠠ ᠨᠠᠰᠢ᠂ ᠠᠪᠠᠭ᠎ᠠ ᠬᠤᠰᠢᠭᠤ ᠳᠡᠭᠡᠳᠦ ᠱᠠᠲᠤᠨ ᠤ ᠤᠰᠤᠨ ᠠᠰᠢᠭᠯᠠᠯᠲᠠ ᠶᠢᠨ ᠪᠠᠯᠠ ᠮᠥᠩᠭᠦ  6776 ᠲᠦᠮᠡᠨ ᠲᠥᠭᠦᠷᠢᠭ ᠢ ᠡᠷᠡᠮᠡᠯᠵᠡᠯᠡᠨ ᠣᠯᠵᠤ᠂ ᠨᠡᠶᠢᠲᠡ 419 ᠤᠰᠤᠨ ᠰᠤᠷᠪᠤᠯᠵᠢ ᠶᠢᠨ ᠬᠤᠳᠳᠤᠭ᠂ 5 ᠲᠣᠨ ᠤ ᠤᠰᠤ ᠬᠠᠳᠠᠭᠠᠯᠠᠬᠤ ᠵᠣᠭᠤᠷᠢ 642᠂ 20 ᠲᠣᠨ ᠤ ᠤᠰᠤ ᠬᠠᠳᠠᠭᠠᠯᠠᠬᠤ ᠵᠣᠭᠤᠷᠢ 84 ᠮᠠᠯᠳᠠᠵᠦ᠂ ᠠᠦ᠋ᠲ᠋ᠣᠴᠢᠯᠠᠭᠰᠠᠨ ᠤᠰᠤ ᠲᠠᠲᠠᠬᠤ ᠲᠥᠬᠦᠭᠡᠷᠦᠮᠵᠢ 121 ᠢᠵᠢ ᠤᠭᠰᠠᠷᠠᠨ᠂ 4 ᠭᠠᠵᠠᠷ ᠲᠤ ᠲᠥᠪᠯᠡᠷᠡᠭᠦᠯᠦᠨ ᠤᠰᠤ ᠬᠠᠩᠭᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠮᠠᠯᠴᠢᠳ ᠤᠨ ︽ᠬᠠᠮᠤᠭ ᠡᠴᠦᠰ ᠤᠨ ᠨᠢᠭᠡ ᠺᠢᠯᠤᠮᠧᠲᠷ︾ ᠤᠨ ᠤᠰᠤ ᠬᠡᠷᠡᠭᠯᠡᠬᠦ ᠬᠦᠴᠢᠷᠳᠡᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠪᠡ︔ ᠮᠠᠯᠵᠢᠬᠤ ᠣᠷᠣᠨ ᠤ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ 2016 ᠣᠨ ᠠᠴᠠ 2020 ᠤᠨ ᠪᠣᠯᠲᠠᠯ᠎ᠠ᠂ ᠮᠠᠯᠴᠢᠳ ᠲᠤ ᠤᠷᠢᠳ ᠬᠤᠵᠢᠳ 7000 ᠰᠢᠬᠠᠮ ᠢᠵᠢ ᠤᠰᠤ ᠴᠡᠪᠡᠷᠰᠢᠬᠦᠯᠬᠦ ᠲᠥᠬᠦᠭᠡᠷᠦᠮᠵᠢ ᠤᠭᠰᠠᠷᠠᠨ ᠥᠭᠴᠦ᠂ ᠤᠰᠤᠨ ᠤ ᠴᠢᠨᠠᠷ ᠨᠢ ᠨᠡᠯᠢᠶᠡᠳ ᠠᠨᠠᠶ ᠭᠠᠵᠠᠷ ᠣᠷᠣᠨ ᠤ ᠮᠠᠯᠴᠢᠳ ᠲᠤ ᠰᠠᠨᠠᠭ᠎ᠠ ᠠᠮᠤᠷ ᠤᠤᠭᠤᠬᠤ ᠤᠰᠤ ᠬᠠᠩᠭᠠᠪᠠ᠃    ᠠᠪᠠᠭ᠎ᠠ ᠬᠤᠰᠢᠭᠤ ᠮᠠᠯᠴᠢᠳ ᠲᠤ ᠰᠠᠨᠠᠭ᠎ᠠ ᠠᠮᠤᠷ ᠴᠢᠨᠠᠷ ᠰᠠᠶᠢᠲᠠᠶ ᠤᠤᠭᠤᠬᠤ ᠤᠰᠤ  ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠣᠷᠣᠨ ᠤ ᠤᠤᠭᠤᠬᠤ ᠤᠰᠤᠨ ᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠦ ᠪᠠᠶᠢᠨ᠎ᠠ᠃ 2022 ᠣᠨ ᠳᠤ᠂  ᠠᠷᠠᠯᠵᠢᠶᠠᠴᠢᠨ ᠤᠷᠢᠵᠤ ᠪᠠᠯᠠ ᠲᠠᠳᠠᠬᠤ ᠪᠠᠷ ᠳᠠᠮᠵᠢᠭᠤᠯᠤᠨ᠂ ᠤᠤᠭᠤᠬᠤ ᠤᠰᠤᠨ ᠤ ᠠᠮᠤᠷ ᠲᠦᠪᠰᠢᠨ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠦᠷᠢᠶᠡᠨ ᠳᠤ ᠣᠯᠠᠨ ᠵᠦᠢᠯ ᠤᠨ ᠲᠤᠰᠬᠠᠶ ᠠᠰᠢᠭ ᠤᠨ ᠦᠷ᠎ᠡ ᠪᠦᠲᠦᠭᠡᠯ ᠬᠦᠷᠳᠡᠭᠰᠡᠨ ᠥᠪᠥᠷ ᠮᠣᠩᠭᠤᠯ ᠤᠨ ᠬᠤᠤ ᠲᠠᠢ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠠᠢ᠃ ︽ᠣᠳᠣᠬᠠᠨ ᠳᠤ ᠺᠣᠮᠫᠠᠨᠢ ᠨᠢᠭᠡᠨᠲᠡ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠵᠢᠯ  ᠳᠤ 3000 ᠢᠵᠢ ᠤᠰᠤ ᠰᠢᠢᠳᠪᠦᠷᠢᠯᠡᠬᠦ ᠲᠥᠬᠦᠭᠡᠷᠦᠮᠵᠢ ᠦᠢᠯᠡᠳᠪᠦᠷᠢᠯᠡᠬᠦ ᠴᠢᠳᠠᠪᠤᠷᠢ ᠶᠢ ᠪᠦᠷᠢᠳᠦᠬᠦᠯᠵᠠᠢ᠃ ᠪᠢᠳᠡ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠤᠷᠤᠨ ᠨᠤᠳᠤᠭ ᠤᠨ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠳᠤ ᠲᠤᠰᠠᠯᠠᠨ᠎ᠠ︾ ᠭᠡᠵᠦ ᠥᠪᠥᠷ ᠮᠣᠩᠭᠤᠯ ᠤᠨ ᠬᠤᠣ ᠲᠠᠢ ᠪᠦᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠯᠢ ᠴᠢᠤᠸᠠᠨ ᠪᠤᠣ   ᠶᠠᠷᠢᠨ᠎ᠠ᠃    ᠣᠶᠢᠯᠠᠭᠠᠭᠰᠠᠨ ᠢᠶᠠᠷ᠂ ᠡᠨᠡ ᠵᠢᠯ ᠠᠪᠠᠭ᠎ᠠ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠤᠰᠤᠨ ᠰᠤᠷᠪᠤᠯᠵᠢ ᠶᠢᠨ ᠬᠤᠳᠳᠤᠭ 134᠂ 20 ᠲᠣᠨ ᠤ ᠤᠰᠤ ᠬᠠᠳᠠᠭᠠᠯᠠᠬᠤ ᠵᠣᠭᠤᠷᠢ 84 ᠢ ᠮᠠᠯᠳᠠᠵᠦ᠂ 1394 ᠬᠥᠮᠦᠨ᠂ 19.12 ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃ ᠡᠭᠦᠨ ᠤ ᠬᠠᠮᠲᠤ᠂ ᠲᠥᠪᠯᠡᠷᠡᠭᠦᠯᠦᠨ ᠤᠰᠤ ᠬᠠᠩᠭᠠᠬᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠢᠵᠦ᠂ ᠨᠠᠷᠠᠨᠪᠤᠯᠠᠭ ᠰᠤᠮᠤ᠂ ᠵᠢᠷᠭᠠᠯᠠᠩᠲᠤ ᠰᠤᠮᠤ᠂ ᠪᠠᠶᠠᠨᠲᠤᠭ ᠰᠤᠮᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠬᠡᠷᠡᠭᠵᠢᠬᠦᠯᠵᠦ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ ᠲᠡᠭᠡᠭᠰᠢᠯᠡᠬᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号