ᠠᠯᠲᠠᠨ ᠨᠠᠮᠤᠷ ᠤᠨ ᠤᠯᠠᠷᠢᠯ ᠳᠤ᠂ ᠪᠢᠳᠡ ᠠᠭᠤᠤ ᠶᠡᠭᠡ ᠡᠬᠡ ᠤᠯᠤᠰ ᠤᠨ ᠪᠠᠶᠢᠭᠤᠯᠤᠭᠳᠠᠭᠰᠠᠨ 75 | ᠵᠢᠯ ᠤᠨ ᠤᠢ ᠶᠢ ᠤᠭᠳᠤᠨ ᠠᠪᠴᠢᠷᠠᠯ᠎ᠠ᠃ 9 ᠰᠠᠷ᠎ᠠ ᠶᠢᠨ 30 ᠤ ᠡᠳᠦᠷ᠂ ᠠᠪᠠᠭ᠎ᠠ ᠬᠤᠰᠢᠭᠤ ᠨᠠᠮ ᠵᠠᠰᠠᠭ ᠤᠨ | ᠠᠯᠪᠠᠨ ᠠᠰᠠᠷ ᠤᠨ ᠡᠮᠦᠨ᠎ᠡ ᠲᠥᠪ ᠴᠢᠩᠭ᠎ᠠ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠪᠠ᠃ ᠬᠤᠰᠢᠭᠤ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠡᠯ᠎ᠡ ᠪᠠᠶᠢᠭᠤᠯᠭ᠎ᠠ ᠨᠢᠭᠡᠴᠡ ᠶᠢᠨ ᠺᠠᠳ᠋ᠷ | ᠠᠵᠢᠯᠲᠠᠨ ᠤ ᠲᠥᠯᠥᠭᠡᠯᠡᠭᠴᠢ᠂ ᠰᠤᠷᠤᠭᠴᠢᠳ ᠪᠠ ᠮᠠᠯᠴᠢᠨ ᠲᠦᠮᠡᠨ ᠲᠠᠪᠤᠨ ᠣᠳᠣᠲᠤ ᠤᠯᠠᠭᠠᠨ ᠲᠤᠭ | ᠠᠯᠭᠤᠷᠬᠠᠨ ᠮᠠᠨᠳᠤᠬᠤ ᠠᠷᠢᠭᠤᠨ ᠳᠠᠷᠬᠠᠨ ᠮᠦᠴᠡ ᠶᠢ ᠬᠠᠮᠲᠤ ᠪᠠᠷ ᠭᠡᠷᠡᠴᠢᠯᠡᠪᠡ᠃ | ᠦᠳᠡ ᠶᠢᠨ ᠡᠮᠦᠨᠡᠬᠢ 8 ᠴᠠᠭ ᠲᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠪᠡ᠃ | ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠰᠦᠷ ᠵᠢᠪᠬᠤᠯᠠᠩᠲᠤ ᠬᠦᠭ ᠠᠶᠠᠰ ᠤᠨ ᠲᠤᠮᠳᠠ᠂ | ᠲᠠᠪᠤᠨ ᠣᠳᠣᠲᠤ ᠤᠯᠠᠭᠠᠨ ᠲᠤᠭ ᠦᠨᠳᠦᠷ ᠤᠬᠳᠠᠷᠭᠤᠢ ᠳᠤ ᠠᠯᠭᠤᠷᠬᠠᠨ ᠮᠠᠨᠳᠤᠯ᠎ᠠ᠃ ᠠᠬᠤᠢ ᠲᠠᠯᠠᠪᠠᠢ ᠶᠢᠨ | ᠪᠦᠬᠦ ᠬᠥᠮᠦᠰ ᠲᠥᠪ ᠵᠣᠭᠰᠣᠵᠤ᠂ ᠤᠯᠤᠰ ᠤᠨ ᠲᠤᠭ ᠢ ᠰᠢᠷᠳᠡᠨ ᠪᠠᠷᠠᠯᠠᠵᠦ᠂ ᠬᠠᠮᠲᠤ ᠪᠠᠷ ᠤᠯᠤᠰ ᠤᠨ ᠰᠦᠯᠳᠡ | ᠳᠠᠭᠤᠤ ᠶᠢ ᠬᠠᠩᠭᠢᠨᠠᠲᠠᠯ᠎ᠠ ᠲᠠᠭᠤᠯᠠᠬᠤ ᠲᠠᠭᠤᠨ ᠨᠢ ᠬᠦᠭᠡ ᠤᠭᠳᠠᠷᠭᠤᠢ ᠳᠤ ᠴᠤᠤᠷᠢᠶᠠᠳᠤᠨ᠂ ᠠᠭᠤᠤ ᠶᠡᠭᠡ ᠡᠬᠡ | ᠤᠯᠤᠰ ᠲᠤ ᠪᠠᠨ ᠬᠠᠨᠳᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠴᠢᠩ ᠰᠡᠳᠬᠢᠯ ᠤᠨ ᠵᠥᠩᠨᠡᠯ ᠢᠶᠠᠨ | ᠲᠠᠪᠰᠢᠬᠦᠯᠪᠡ᠃ | ᠲᠥᠪ ᠴᠢᠩᠭ᠎ᠠ ᠲᠤᠭ ᠮᠠᠨᠳᠤᠭᠤᠯᠬᠤ ᠶᠣᠰᠣᠯᠠᠯ ᠨᠢ ᠶᠠᠭ ᠨᠢᠭᠡᠨ ᠬᠦᠴᠦᠷᠬᠡᠭ ᠶᠡᠭᠡ ᠣᠶᠤᠨ ᠰᠠᠨᠠᠭᠠᠨ ᠤ | ᠬᠥᠳᠡᠯᠭᠡᠬᠦ ᠬᠦᠴᠦᠨ ᠪᠣᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠣᠲᠣᠭᠠᠳᠤ | ᠰᠡᠳᠬᠢᠯ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ | ᠲᠡᠷᠡ ᠨᠢ ᠬᠦᠮᠦᠰ ᠤᠨ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠬᠦᠴᠦᠯᠡᠨ | ᠴᠢᠷᠮᠠᠶᠢᠬᠤ ᠡᠷᠴᠢ ᠵᠣᠷᠢᠭ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠠᠮᠢᠳᠤᠷᠠᠯ ᠳᠤ ᠪᠠᠨ | ᠤᠷᠤᠯᠴᠠᠬᠤ ᠶᠢ ᠵᠤᠷᠢᠭᠵᠢᠭᠤᠯᠪᠠ᠃ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠬᠥᠭᠵᠢᠯ ᠴᠡᠴᠡᠭᠯᠡᠯ ᠳᠤ | ᠬᠦᠴᠦᠨ ᠴᠢᠳᠠᠯ ᠢᠶᠠᠨ ᠡᠷᠭᠦᠵᠦ᠂ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠪᠢ ᠬᠥᠮᠦᠨ ᠤ | ᠬᠦᠴᠦᠨ ᠴᠢᠳᠠᠯ ᠢᠶᠠᠨ ᠨᠠᠮᠠᠷᠢᠯᠠᠵᠦ᠂ ᠰᠢᠨ᠎ᠡ ᠴᠠᠭ ᠦᠶ᠎ᠡ ᠶᠢᠨ ᠠᠶᠠᠨ ᠵᠠᠮ ᠳᠤ᠂ ᠠᠪᠠᠭ᠎ᠠ ᠬᠤᠰᠢᠭᠤᠨ ᠤ ᠭᠡᠷᠡᠯ | ᠰᠠᠴᠤᠷᠠᠩᠭᠤᠶ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠠᠭᠤᠤ ᠶᠡᠭᠡ ᠳᠤᠮᠳᠠᠳᠤ ᠶᠢᠨ ᠬᠦᠰᠡᠯ ᠵᠡᠭᠦᠳᠦ ᠶᠢ | ᠲᠡᠷᠭᠡᠯᠰᠢᠭᠦᠯᠬᠦ ᠳᠤ ᠬᠦᠴᠦᠨ ᠢᠶᠠᠨ ᠨᠡᠮᠡᠷᠢᠯᠡᠬᠦ ᠶᠢ ᠵᠤᠷᠢᠭᠵᠢᠭᠤᠯᠪᠠ᠃ |