ᠠᠪᠠᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠭᠦᠯᠬᠦ ᠵᠠᠰᠠᠯᠭ᠎ᠠ ᠪᠠ ᠰᠢᠯᠭᠠᠨ ᠪᠠᠶᠢᠴᠠᠭᠠᠬᠤ ᠲᠥᠪ ᠵᠢᠩᠬᠢᠨᠢ ᠪᠠᠷ ᠠᠰᠢᠭᠯᠠᠯᠲᠠ ᠳᠤ ᠤᠷᠣᠪᠠ
ᠨᠡᠶᠢᠲᠡᠯᠡᠭᠰᠡᠨ ᠴᠠᠭ᠄
2024/10/12
   9 ᠰᠠᠷ᠎ᠠ ᠶᠢᠨ 25 ᠤ ᠡᠳᠦᠷ᠂ ᠠᠪᠠᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠭᠦᠯᠬᠦ ᠵᠠᠰᠠᠯᠭ᠎ᠠ ᠪᠠ ᠰᠢᠯᠭᠠᠨ ᠪᠠᠶᠢᠴᠠᠭᠠᠬᠤ ᠲᠥᠪ ᠵᠢᠩᠬᠢᠨᠢ ᠪᠠᠷ ᠠᠰᠢᠭᠯᠠᠯᠲᠠ ᠳᠤ ᠤᠷᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ  ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠮᠨᠡᠯᠭᠡ ᠶᠢᠨ ᠬᠤᠷᠢᠶᠠᠨ ᠤ ᠠᠵᠢᠯᠲᠠᠨ ᠵᠢᠴᠢ ᠡᠯ᠎ᠡ ᠡᠲᠡᠭᠡᠳ ᠤᠨ ᠬᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠭᠧ ᠶᠦᠩ ᠵᠢᠶᠦ᠋ᠨ ᠡᠷᠡᠭᠦᠯᠵᠢᠭᠦᠯᠬᠦ ᠵᠠᠰᠠᠯᠭ᠎ᠠ ᠪᠠ ᠰᠢᠯᠭᠠᠨ ᠪᠠᠶᠢᠴᠠᠭᠠᠬᠤ ᠲᠥᠪ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ᠂ ᠠᠪᠠᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠭᠦᠯᠬᠦ ᠵᠠᠰᠠᠯᠭ᠎ᠠ ᠪᠠ ᠰᠢᠯᠭᠠᠨ ᠪᠠᠶᠢᠴᠠᠭᠠᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠤᠭᠤᠯᠤᠭᠰᠠᠨ ᠨᠢ ᠠᠷᠠᠳ ᠣᠯᠠᠨ ᠤ ᠡᠪᠡᠳᠴᠢᠨ ᠦᠵᠡᠭᠦᠯᠬᠦ ᠨᠥᠬᠦᠴᠡᠯ ᠪᠠ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠨᠠᠩ ᠲᠤᠰᠠᠬᠠᠶᠢᠵᠢᠭᠰᠠᠨ᠂ ᠪᠥᠬᠦ ᠲᠠᠯ᠎ᠠ ᠶᠢᠨ ᠡᠷᠡᠭᠦᠯᠵᠢᠯ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠦᠷᠢᠯᠡᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠪᠠᠰᠠ ᠨᠢᠭᠡᠨ ᠬᠥᠰᠢᠶ᠎ᠡ ᠲᠡᠮᠳᠡᠭ ᠪᠣᠯᠬᠤ ᠶᠤᠮ᠃ ᠪᠠᠰᠠᠴᠦ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠰᠢᠨ᠎ᠡ ᠨᠢᠭᠡᠨ ᠱᠠᠲᠤᠨ ᠢ ᠠᠬᠢᠭᠰᠠᠨ ᠢ ᠬᠠᠷᠠᠭᠤᠯᠵᠤ ᠪᠠᠶᠢᠨ᠎ᠠ᠃ ᠠᠪᠠᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠪᠦᠬᠦ ᠠᠵᠢᠯᠲᠠᠳ ᠡᠭᠦᠨ ᠢᠶᠠᠷ ᠡᠬᠢᠯᠡᠯᠲᠡ ᠪᠣᠯᠭᠠᠵᠤ᠂ ᠲᠡᠷᠢᠭᠦᠨ ᠤ ᠮᠡᠷᠭᠡᠵᠢᠯ᠂ ᠲᠡᠷᠢᠭᠦᠨ ᠤ ᠢᠲᠡᠭᠡᠯ ᠬᠦᠨᠳᠦ ᠪᠠᠷ ᠪᠥᠬᠦ ᠬᠤᠰᠢᠭᠤᠨ ᠤ ᠠᠷᠠᠳ ᠲᠦᠮᠡᠨ ᠳᠤ ᠨᠠᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠠᠪᠠᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠡᠪᠡᠳᠴᠢᠲᠡᠨ  ᠳᠤ ᠢᠲᠡᠭᠡᠯᠲᠡᠢ᠂ ᠣᠯᠠᠨ ᠲᠦᠮᠡᠨ ᠳᠤ ᠮᠡᠳᠡᠷᠡᠭᠳᠡᠭᠰᠡᠨ᠂ ᠨᠠᠮ ᠪᠠ ᠵᠠᠰᠠᠭ ᠤᠨ ᠣᠷᠳᠣᠨ ᠰᠠᠨᠠᠭ᠎ᠠ ᠠᠮᠤᠷ ᠡᠮᠨᠡᠯᠭᠡ ᠶᠢᠨ ᠬᠤᠷᠢᠶ᠎ᠠ ᠪᠣᠯᠭᠠᠨ ᠴᠤᠭᠴᠠᠯᠠᠨ ᠪᠠᠶᠢᠭᠤᠯᠵᠤ᠂ ᠮᠠᠨ ᠤ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃    ᠰᠢᠨ᠎ᠡ ᠪᠠᠷ ᠪᠠᠶᠢᠭᠤᠯᠤᠭᠰᠠᠨ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠭᠦᠯᠬᠦ ᠵᠠᠰᠠᠯᠭ᠎ᠠ ᠪᠠ ᠰᠢᠯᠭᠠᠨ ᠪᠠᠶᠢᠴᠠᠭᠠᠬᠤ ᠲᠥᠪ ᠤᠨ ᠲᠠᠯᠠᠪᠠᠶ ᠨᠢ 3200 ᠬᠠᠪᠲᠠᠭᠠᠢ ᠳᠥᠷᠪᠡᠯᠵᠢᠨ ᠮᠧᠲᠷ ᠪᠠᠶᠢᠵᠤ᠂ 2500 ᠲᠦᠮᠡᠨ ᠲᠥᠭᠦᠷᠢᠭ ᠤᠨ ᠪᠠᠯᠠ ᠣᠷᠤᠭᠤᠯᠪᠠ᠃ ᠡᠨᠡᠬᠦ ᠲᠥᠪ ᠨᠢ ᠬᠠᠷᠢᠶ᠎ᠠ ᠤᠷᠤᠨ ᠤ ᠰᠠᠭᠤᠭᠠᠯᠢ ᠠᠷᠠᠳ ᠲᠤ ᠪᠥᠬᠦ ᠲᠠᠯ᠎ᠠ ᠶᠢᠨ ᠡᠷᠡᠭᠦᠯᠵᠢᠯ ᠡᠮᠴᠢᠯᠡᠭᠡ ᠰᠣᠪᠢᠯᠠᠯᠲᠠ ᠶᠢᠨ ᠦᠢᠯᠡᠴᠢᠯᠡᠭᠡ ᠬᠠᠩᠭᠠᠵᠤ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠡᠷᠡᠭᠦᠯ ᠮᠡᠨᠳᠦ ᠠᠪᠠᠭ᠎ᠠ︾ ᠶᠢᠨ ᠪᠥᠲᠥᠭᠡᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号