2024 ᠣᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠥᠪ ᠤᠨ ᠲᠤᠰᠬᠠᠶ | ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠳᠤᠤᠷ᠎ᠠ ᠤᠷᠤᠯᠭ᠎ᠠ ᠲᠠᠢ | ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ ᠲᠤᠰᠠᠯᠠᠬᠤ ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠶᠢ | ᠦᠨᠳᠦᠰᠦᠯᠡᠨ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠠᠷᠠᠳ ᠤᠨ ᠶᠠᠪᠤᠳᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ | ᠡᠪᠡᠳᠴᠢᠨ ᠲᠠᠢ ᠡᠮᠡᠭᠲᠡᠶᠢᠴᠦᠳ ᠤᠨ ᠦᠨᠳᠦᠰᠦᠨ ᠮᠠᠲ᠋ᠧᠷᠢᠶᠠᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠦ᠂ | ᠠᠶᠢᠮᠠᠭ᠂ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ | ᠱᠠᠲᠤ ᠱᠠᠲᠤ ᠪᠠᠷ ᠬᠢᠨᠠᠨ ᠬᠠᠷᠭᠤᠭᠤᠯᠤᠨ ᠲᠣᠭᠲᠠᠭᠠᠵᠤ᠂ ᠮᠠᠨ ᠤ ᠬᠤᠰᠢᠭᠤᠨ ᠤ ᠬᠤᠩᠭᠤᠷᠭᠤᠤᠯ ᠪᠠᠯᠭᠠᠰᠤᠨ ᠤ | ᠬᠦᠢᠲᠡᠨ ᠭᠤᠤᠯ ᠭᠠᠴᠠᠭᠠᠨ ᠤ ᠰᠦᠨ * ᠶᠠᠨ᠂ ᠬᠥᠬᠦᠨ ᠪᠤᠯᠴᠢᠷᠬᠠᠶ ᠶᠢᠨ ᠥᠮᠡᠨ Ⅱ A ᠬᠤᠭᠤᠴᠠᠭᠠᠨ ᠤ | ᠡᠪᠡᠳᠴᠢᠲᠡᠨ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ ᠵᠣᠭᠤᠰ ᠤᠨ ᠲᠤᠭ᠎ᠠ ᠨᠢ 1 ᠲᠦᠮᠡᠨ ᠲᠥᠭᠦᠷᠢᠭ | ᠪᠣᠯᠤᠨ᠎ᠠ᠃ | ︽ᠬᠤᠶᠠᠷ ᠥᠮᠡᠨ︾ ᠢ ᠠᠪᠤᠷᠠᠨ ᠲᠤᠰᠠᠯᠠᠬᠤ ᠠᠵᠢᠯ ᠤᠨ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ | ᠪᠠᠶᠢᠬᠤ ᠵᠠᠷᠴᠢᠮ ᠢ ᠢᠯᠡᠷᠡᠭᠦᠯᠬᠦ ᠶᠢᠨ ᠲᠥᠯᠥᠭᠡ᠂ ᠣᠲᠣ 2024 ᠣᠨ ᠤ ᠠᠪᠤᠷᠠᠨ ᠲᠤᠰᠠᠯᠠᠬᠤ ᠪᠠᠷ ᠪᠠᠶᠢᠭ᠎ᠠ ︽ | ᠬᠤᠶᠠᠷ ᠥᠮᠡᠨ︾ ᠤ ᠬᠥᠮᠦᠰ ᠤᠨ ᠨᠡᠷᠡᠰ ᠵᠢᠴᠢ ᠦᠨᠳᠦᠰᠦᠨ ᠪᠠᠶᠢᠳᠠᠯ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ | ᠬᠤᠭᠤᠴᠠᠭ᠎ᠠ ᠨᠢ 7 ᠡᠳᠦᠷ ︵2024 ᠣᠨ ᠤ 10 ᠰᠠᠷ᠎ᠠ ᠶᠢᠨ 8 ᠤ ᠡᠳᠦᠷ - 10 ᠰᠠᠷ᠎ᠠ ᠶᠢᠨ 14 ᠤ ᠡᠳᠦᠷ︶ | ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ ᠠᠪᠠᠭ᠎ᠠ ᠬᠤᠰᠢᠭᠤᠨ ᠤ ᠡᠮᠡᠭᠲᠡᠶᠢᠴᠦᠳ ᠤᠨ | ᠬᠤᠯᠪᠣᠭ᠎ᠠ ᠳᠤ ᠲᠤᠰᠬᠠᠭᠠᠷᠠᠢ᠃ | ᠬᠠᠷᠢᠯᠴᠠᠬᠤ ᠤᠲᠠᠰᠤ᠄ 13789491587 ᠢᠮᠧᠯ᠄ abgq@163.com | ᠠᠪᠠᠭ᠎ᠠ ᠬᠤᠰᠢᠭᠤᠨ ᠤ ᠡᠮᠡᠭᠲᠡᠢᠴᠦᠳ ᠶᠢᠨ ᠬᠤᠯᠪᠣᠭᠠᠲᠤ ᠬᠤᠷᠠᠯ | 2024 ᠣᠨ ᠤ 10 ᠰᠠᠷ᠎ᠠ ᠶᠢᠨ 8 ᠤ ᠡᠳᠦᠷ |