ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠷᠠᠨ ᠤᠩᠰᠢᠯᠭ᠎ᠠ ᠶᠠᠷᠢᠶ᠎ᠠ ᠢᠯᠡᠳᠬᠡᠯ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/10/12
   9 ᠰᠠᠷ᠎ᠠ ᠶᠢᠨ 29 ᠤ ᠡᠳᠦᠷ᠂ ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ᠨᠠᠮ ᠤᠨ ᠬᠤᠷᠢᠳᠤᠭᠠᠷ ᠬᠤᠭᠤᠴᠠᠭᠠᠨ ᠤ  ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︽ᠡᠬᠡ ᠤᠯᠤᠰ ᠤᠨ ᠪᠠᠶᠢᠭᠤᠯᠤᠭᠳᠠᠭᠰᠠᠨ 75 ᠵᠢᠯ ᠤᠨ ᠣᠢ ᠶᠢ ᠪᠠᠶᠠᠷᠯᠠᠨ ᠪᠡᠯᠭᠡᠯᠡᠶ᠎ᠡ᠂ ᠤᠮᠠᠷᠠᠲᠤ ᠬᠢᠵᠠᠭᠠᠷ ᠤᠨ ᠰᠤᠶᠤᠯ ᠢ ᠬᠥᠭᠵᠢᠭᠦᠯᠦᠨ ᠦᠨᠳᠦᠰᠦᠳᠡᠨ ᠤ ᠪᠦᠯᠬᠦᠮᠳᠡᠯ ᠢ ᠠᠬᠢᠭᠤᠯᠤᠶ᠎ᠠ︾ ᠤᠷᠠᠨ ᠤᠩᠰᠢᠯᠭ᠎ᠠ᠂ ᠶᠠᠷᠢᠶ᠎ᠠ ᠢᠯᠡᠳᠬᠡᠯ ᠤᠨ ᠤᠷᠤᠯᠳᠤᠭᠠᠨ ᠡᠷᠬᠢᠯᠡᠵᠦ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠬᠠᠮᠲᠤᠪᠡᠷ ᠤᠷᠤᠯᠴᠠᠪᠠ᠃    ᠤᠷᠤᠯᠳᠤᠭᠠᠨ ᠤ  ᠠᠬᠤᠢ ᠲᠠᠯᠠᠪᠠᠢ ᠶᠢᠨ  ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂  ᠰᠤᠷᠤᠭᠴᠢᠳ ᠢᠲᠡᠭᠡᠯ ᠲᠡᠭᠦᠯᠳᠡᠷ ᠤᠷᠮ᠎ᠠ ᠵᠢᠪᠬᠤᠭᠠᠯᠢᠭ  ᠪᠠᠶᠢᠯ᠎ᠠ᠃ ᠤᠷᠠᠨ ᠤᠩᠰᠢᠯᠭ᠎ᠠ ᠶᠢᠨ ᠤᠷᠤᠯᠳᠤᠭᠠᠨ ᠳᠤ᠂ ᠰᠤᠷᠤᠭᠴᠢᠳ ᠴᠢᠩ ᠦᠨᠡᠨᠴᠢ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠡ ᠤᠯᠤᠰ᠂ ᠠᠭᠤᠤ ᠨᠠᠮ  ᠢᠶᠠᠨ ᠮᠠᠭᠲᠠᠨ ᠤᠶᠠᠩᠭᠠᠯᠠᠨ᠎ᠠ᠃ ᠲᠡᠳᠡ ᠨᠠᠮ ᠢᠶᠠᠨ ᠬᠠᠶᠢᠷᠠᠯᠠᠵᠤ᠂ ᠡᠬᠡ ᠤᠯᠤᠰ ᠢᠶᠠᠨ ᠮᠠᠭᠲᠠᠨ  ᠲᠠᠭᠤᠯᠠᠭᠰᠠᠨ ᠰᠡᠳᠬᠢᠯᠭᠡ ᠪᠠᠨ ᠤᠷᠠᠨ ᠤᠩᠰᠢᠯᠭ᠎ᠠ ᠶᠢᠨ ᠢᠶᠠᠨ ᠦᠭᠦᠯᠡᠪᠦᠷᠢ ᠨᠢᠭᠡᠪᠦᠷᠢ᠂ ᠦᠰᠦᠭ ᠨᠢᠭᠡᠪᠦᠷᠢ  ᠳᠤ ᠠᠭᠤᠰᠬᠠᠨ᠂ ᠨᠠᠮ ᠤᠨ ᠠᠷᠠᠳ ᠲᠦᠮᠡᠨ ᠢ ᠳᠠᠭᠠᠭᠤᠯᠤᠨ ᠪᠠᠶᠢᠯᠳᠤᠵᠤ ᠣᠯᠤᠭᠰᠠᠨ ᠠᠭᠤᠤ ᠶᠡᠭᠡ ᠠᠮᠵᠢᠯᠲᠠ ᠶᠢ ᠨᠢᠳᠦᠨ ᠳᠤ ᠦᠵᠡᠭᠳᠡᠮ᠎ᠡ ᠡᠷᠬᠢᠴᠡᠬᠦᠯᠦᠨ ᠤᠶᠠᠩᠭᠠᠯᠠᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠪᠠᠷᠠᠯᠠᠵᠠᠢ᠃ ᠰᠤᠷᠤᠭᠴᠢᠳ ᠤᠨ  ᠳᠤᠪᠤᠶᠢᠮ᠎ᠠ ᠰᠢᠯᠢᠳᠡᠭ ᠢᠯᠡᠷᠡᠯ  ᠨᠢ ᠬᠢᠨᠠᠭᠴᠢᠳ ᠪᠠ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂  ᠠᠬᠤᠢ ᠲᠠᠯᠠᠪᠠᠢ ᠶᠢᠨ ᠠᠭᠤᠷ ᠠᠮᠢᠰᠬᠤᠯ ᠢ ᠲᠠᠰᠤᠷᠠᠯᠳᠠ ᠦᠭᠡᠢ ᠦᠳᠭᠡᠷᠡᠬᠦᠯᠪᠠ᠃     ᠶᠠᠷᠢᠶ᠎ᠠ ᠢᠯᠡᠳᠬᠡᠯ ᠤᠨ  ᠤᠷᠤᠯᠳᠤᠭᠠᠨ ᠨᠢ ᠴᠦ ᠠᠳᠠᠯᠢᠬᠠᠨ  ᠭᠤᠶᠢᠳᠠ  ᠰᠠᠶᠢᠬᠠᠨ ᠶᠠᠪᠤᠭᠳᠠᠯ᠎ᠠ᠃ ᠰᠤᠷᠤᠭᠴᠢᠳ ᠥᠪᠡᠷ ᠤᠨ ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠢᠳᠤᠯᠢᠭ ᠦᠭᠡ ᠬᠡᠯᠡ᠂ ᠪᠣᠳᠠᠲᠤ ᠵᠢᠱᠢᠶ᠎ᠡ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠪᠠ  ᠦᠵᠡᠯᠳᠡ ᠪᠠᠨ ᠲᠣᠳᠣᠷᠬᠠᠶᠢᠯᠠᠨ ᠥᠭᠦᠯᠡᠪᠡ᠃ ᠵᠠᠷᠢᠮ ᠨᠢ ᠥᠪᠡᠷ ᠤᠨ ᠳᠡᠷᠭᠡᠳᠡᠬᠢ ᠬᠤᠪᠢᠷᠠᠯᠲᠠ ᠪᠠᠨ ᠶᠠᠷᠢᠵᠤ᠂ ᠨᠠᠮ ᠳᠠᠭᠠᠨ ᠲᠠᠯᠠᠷᠬᠠᠬᠤ ᠰᠡᠳᠬᠢᠯᠭᠡ ᠪᠠᠨ  ᠢᠯᠡᠳᠬᠡᠨ᠂ ᠵᠠᠷᠢᠮ ᠨᠢ ᠢᠷᠡᠭᠡᠳᠦᠢ ᠶᠢᠨ ᠬᠥᠭᠵᠢᠯᠲᠡ ᠶᠢ ᠪᠠᠷᠠᠯᠠᠨ᠂ ᠡᠬᠡ ᠤᠯᠤᠰ ᠤᠨ ᠪᠦᠳᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠵᠣᠷᠢᠭ  ᠪᠠᠳᠠᠷᠠᠭᠤᠨ ᠪᠠᠶᠢᠬᠤ ᠪᠠᠨ ᠢᠯᠡᠷᠭᠡᠶᠢᠯᠡᠨ᠎ᠡ᠃ ᠲᠡᠳᠡᠨ ᠤ ᠶᠠᠷᠢᠶ᠎ᠠ ᠢᠯᠡᠳᠬᠡᠯ ᠣᠷᠭᠢᠯᠤᠮ᠎ᠠ ᠰᠡᠳᠬᠢᠯᠭᠡ ᠪᠠ ᠬᠦᠴᠦᠨ ᠴᠢᠳᠠᠯ ᠢᠶᠠᠷ ᠪᠢᠯᠬᠠᠵᠤ᠂ ᠤᠳᠤ ᠦᠶ᠎ᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠡᠷᠡᠰ ᠬᠠᠳᠠᠨ ᠬᠦᠰᠡᠯᠡᠩ ᠢᠲᠡᠭᠡᠯ ᠪᠢᠰᠢᠷᠡᠯ ᠢ ᠭᠦᠢᠴᠡᠳ ᠢᠯᠡᠷᠡᠭᠦᠯᠪᠡ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠤᠷᠠᠨ ᠤᠩᠰᠢᠯᠭ᠎ᠠ ᠪᠠ  ᠶᠠᠷᠢᠶ᠎ᠠ ᠢᠯᠡᠳᠬᠡᠯ ᠤᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠰᠢᠯᠭᠠᠷᠠᠭᠤᠯᠤᠨ ᠭᠠᠷᠭᠠᠪᠠ᠃ ᠰᠤᠷᠭᠠᠭᠤᠯᠢ ᠶᠢᠨ ᠤᠳᠤᠷᠢᠳᠤᠯᠭ᠎ᠠ ᠠᠴᠠ ᠱᠠᠩᠨᠠᠯ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠣᠯᠭᠤᠭᠰᠠᠨ ᠪᠥᠭᠡᠳ ᠲᠡᠳᠡᠨ ᠳᠤ ᠬᠠᠯᠠᠭᠤᠨ ᠪᠠᠶᠠᠷ ᠬᠦᠷᠭᠡᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠠᠪᠠᠭ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠨᠡᠩ ᠡᠷᠡᠰ ᠬᠠᠳᠠᠨ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠢᠷᠡᠭᠡᠳᠦᠢ ᠶᠢᠨ ᠥᠷᠢᠰᠦᠯᠳᠦᠭᠡᠨ ᠢ ᠤᠭᠲᠤᠨ᠂ ᠥᠪᠡᠷ ᠤᠨ ᠭᠡᠰᠡᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号