ᠦᠢᠷ᠎ᠠ ᠶᠢᠨ ᠬᠤᠭᠤᠴᠠᠭᠠᠨ ᠳᠤ᠂ ᠠᠪᠠᠭ᠎ᠠ ᠬᠤᠰᠢᠭᠤ ᠲᠦᠷᠪᠡᠳᠤᠬᠡᠷ ᠤᠳᠠᠭᠠᠨ ᠤ ᠪᠦᠬᠦ ᠤᠯᠤᠰ ᠤᠨ | ᠰᠢᠯᠵᠢᠬᠦᠯᠵᠤ ᠦᠯᠤ ᠪᠤᠯᠬᠤ ᠲᠠᠤᠬᠡ ᠶᠢᠨ ᠲᠤᠷᠠᠰᠬᠠᠯᠳᠤ ᠵᠥᠢᠯᠡᠰ ᠤᠨ ᠨᠠᠶᠢᠳᠠᠮ ᠪᠠᠶᠢᠴᠠᠭᠠᠯᠳᠠ ᠶᠢᠨ ᠠᠵᠢᠯ ᠢ | ᠪᠠᠴᠢᠮ ᠶᠠᠭᠠᠷᠠᠯᠳᠡᠢ ᠶᠠᠪᠤᠭᠳᠠᠭᠤᠯᠵᠤ ᠪᠠᠶᠢᠨ᠎ᠠ᠃ ᠲᠤᠰ ᠤᠳᠠᠭᠠᠨ ᠤ ᠨᠠᠶᠢᠳᠠᠮ ᠪᠠᠶᠢᠴᠠᠭᠠᠯᠳᠠ ᠨᠢ ᠠᠪᠠᠭ᠎ᠠ | ᠬᠤᠰᠢᠭᠤᠨ ᠤ ᠡᠯᠪᠡᠭ ᠪᠠᠶᠠᠯᠢᠭ ᠲᠡᠤᠬᠡ ᠰᠤᠶᠤᠯ ᠤᠨ ᠦᠪ ᠢ ᠪᠦᠬᠦ ᠲᠠᠯ᠎ᠠ ᠪᠠᠷ ᠡᠮᠬᠢᠯᠡᠵᠤ ᠪᠦᠷᠢᠳᠬᠡᠨ᠂ ᠡᠨᠡᠬᠦ | ᠬᠤᠪᠤᠷ ᠨᠠᠡᠳᠢᠨ ᠲᠡᠤᠬᠡ ᠰᠤᠶᠤᠯ ᠤᠨ ᠦᠪ ᠢ ᠨᠠᠩ ᠰᠠᠶᠢᠳᠤᠷ ᠬᠠᠮᠠᠭᠠᠯᠠᠨ ᠵᠠᠯᠭᠠᠮᠵᠢᠯᠠᠬᠤ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ | ᠲᠦᠷᠤ ᠶᠢᠨ ᠶᠠᠪᠤᠳᠠᠯ ᠤᠨ ᠬᠤᠷᠢᠶᠠᠨ ᠤ ᠲᠠᠷᠤᠮᠠᠯᠯᠠᠨ ᠲᠠᠷᠬᠠᠭᠠᠭᠰᠡᠨ ︽ᠲᠦᠷᠪᠡᠳᠤᠬᠡᠷ ᠤᠳᠠᠭᠠᠨ ᠤ ᠪᠦᠬᠦ | ᠤᠯᠤᠰ ᠤᠨ ᠲᠠᠤᠬᠡ ᠶᠢᠨ ᠲᠤᠷᠠᠰᠬᠠᠯᠳᠤ ᠵᠥᠢᠯᠡᠰ ᠤᠨ ᠨᠠᠶᠢᠳᠠᠮ ᠪᠠᠶᠢᠴᠠᠭᠠᠯᠳᠠ ᠦᠷᠨᠢᠬᠦᠯᠬᠦ ᠲᠤᠬᠠᠢ ᠮᠠᠳᠡᠭᠳᠡᠯ︾ | ᠶᠤᠰᠤᠭᠠᠷ᠂ ᠡᠨ᠋ᠨ ᠵᠢᠯ ᠤᠨ 5 ᠰᠠᠷ᠎ᠠ ᠠᠴᠠ ᠡᠬᠢᠯᠡᠨ᠂ ᠠᠪᠠᠭ᠎ᠠ ᠬᠤᠰᠢᠭᠤᠨ ᠤ ᠰᠤᠶᠤᠯ ᠲᠠᠮᠢᠷ ᠵᠢᠭᠤᠯᠴᠢᠯᠡᠯ ᠷᠡᠳᠢᠤ᠋ | ᠲᠧᠯᠸᠢᠰ ᠤᠨ ᠲᠤᠪᠴᠢᠶ᠎ᠠ ᠨᠢ ᠲᠤᠰᠬᠠᠢ ᠬᠦᠮᠤᠨ ᠰᠤᠩᠭᠤᠨ ᠲᠤᠬᠢᠷᠠᠭᠤᠯᠵᠤ᠂ ᠨᠠᠶᠢᠳᠠᠮ ᠪᠠᠶᠢᠴᠠᠭᠠᠯᠳᠠ ᠶᠢᠨ | ᠡᠩᠨᠡᠭᠡ ᠪᠠᠶᠢᠭᠤᠯᠤᠨ᠂ ᠡᠯ᠎ᠠ ᠵᠥᠢᠯ ᠤᠨ ᠠᠵᠢᠯ ᠤᠨ ᠡᠬᠦᠷᠬᠡ ᠶᠢ ᠲᠦᠯᠤᠪᠯᠡᠭᠡ ᠶᠤᠰᠤᠭᠠᠷ ᠡᠮᠬᠢ ᠵᠢᠷᠤᠮ ᠲᠠᠢ | ᠶᠠᠪᠤᠭᠳᠠᠭᠤᠯᠵᠤ ᠪᠠᠶᠢᠨ᠎ᠠ᠃ ᠲᠤᠬᠠᠢ ᠶᠢᠨ ᠭᠠᠵᠡᠷ ᠤᠨ ᠪᠠᠶᠢᠴᠠᠭᠠᠯᠳᠠ ᠳᠤ᠂ ᠨᠠᠶᠢᠳᠠᠮ ᠪᠠᠶᠢᠴᠠᠭᠠᠯᠳᠠ ᠶᠢᠨ | ᠠᠵᠢᠯᠳᠠᠳ ᠨᠠᠷᠢᠨ ᠲᠤᠳᠤᠷᠬᠠᠢ ᠨᠠᠶᠢᠳᠠᠮ ᠪᠠᠶᠢᠴᠠᠭᠠᠯᠳᠠ ᠶᠢᠨ ᠠᠵᠢᠯ ᠤᠨ ᠲᠦᠯᠤᠪᠯᠡᠭᠡ᠂ ᠲᠤᠭᠳᠠᠭᠰᠡᠨ ᠪᠠᠷᠢᠮᠵᠢᠶ᠎ᠠ | ᠪᠠ ᠮᠠᠷᠬᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠬᠡᠨᠳᠡ ᠮᠠᠭᠠᠳᠯᠠᠨ ᠲᠤᠭᠳᠠᠭᠠᠭᠰᠡᠨ᠂ ᠲᠠᠩᠰᠠᠯᠠᠨ | ᠲᠡᠮᠳᠡᠭᠯᠡᠭᠰᠡᠨ 63 ᠴᠡᠭ ᠳᠠᠬᠢ ᠭᠤᠷᠪᠡᠳᠤᠭᠠᠷ ᠤᠳᠠᠭᠠᠨ ᠤ ᠰᠢᠯᠵᠢᠬᠦᠯᠵᠤ ᠦᠯᠤ ᠪᠤᠯᠬᠤ ᠲᠡᠤᠬᠡ ᠶᠢᠨ | ᠲᠤᠷᠠᠰᠬᠠᠯᠳᠤ ᠵᠥᠢᠯᠡᠰ ᠢ ᠲᠡᠬᠢᠨ ᠪᠠᠶᠢᠴᠠᠭᠠᠬᠤ ᠶᠢᠨ ᠬᠠᠮᠳᠤ ᠰᠢᠨ᠎ᠠ ᠪᠠᠷ ᠢᠯᠡᠷᠡᠬᠦᠯᠦᠭᠰᠡᠨ ᠰᠢᠯᠵᠢᠬᠦᠯᠵᠤ ᠦᠯᠤ | ᠪᠤᠯᠬᠤ ᠲᠡᠤᠬᠡ ᠶᠢᠨ ᠲᠤᠷᠠᠰᠬᠠᠯᠳᠤ ᠵᠥᠢᠯᠡᠰ ᠢ ᠪᠠᠶᠢᠴᠠᠭᠠᠵᠤ᠂ ᠮᠠᠭᠠᠳᠯᠠᠨ ᠲᠤᠭᠳᠠᠭᠠᠵᠤ᠂ ᠲᠠᠩᠰᠠᠯᠠᠨ ᠲᠡᠮᠳᠡᠭᠯᠡᠵᠤ᠂ | ᠤᠯᠠᠨ ᠵᠥᠢᠯ ᠤᠨ ᠠᠷᠭ᠎ᠠ ᠬᠡᠮᠵᠢᠶ᠎ᠠ ᠶᠢ ᠵᠠᠷᠬᠡ ᠪᠠᠷ ᠬᠡᠷᠡᠭᠯᠡᠨ᠂ ᠨᠠᠶᠢᠳᠠᠮ ᠪᠠᠶᠢᠴᠠᠭᠠᠯᠳᠠ ᠶᠢᠨ ᠠᠵᠢᠯ ᠢ ᠴᠢᠨᠡᠷ | ᠰᠠᠶᠢᠳᠡᠢ ᠦᠡᠳᠤᠷ ᠦᠷ᠎ᠠ ᠪᠦᠳᠤᠮᠵᠢᠳᠡᠢ ᠪᠠᠷ ᠲᠦᠯᠬᠢᠨ ᠠᠬᠢᠭᠤᠯᠵᠤ ᠪᠠᠶᠢᠨ᠎ᠠ᠃ ᠤᠳᠤᠬᠠᠨ ᠪᠤᠯᠳᠠᠯ᠎ᠠ᠂ ᠠᠪᠠᠭ᠎ᠠ | ᠬᠤᠰᠢᠭᠤ ᠨᠢᠬᠡᠨᠳᠡ ᠰᠢᠯᠵᠢᠬᠦᠯᠵᠤ ᠦᠯᠤ ᠪᠤᠯᠬᠤ ᠲᠡᠤᠬᠡ ᠶᠢᠨ ᠲᠤᠷᠠᠰᠬᠠᠯᠳᠤ ᠵᠥᠢᠯᠡᠰ 59 ᠢ ᠲᠡᠬᠢᠨ | ᠪᠠᠶᠢᠴᠠᠭᠠᠵᠤ᠂ ᠲᠡᠤᠬᠡ ᠶᠢᠨ ᠲᠤᠷᠠᠰᠬᠠᠯᠳᠤ ᠵᠥᠢᠯᠡᠰ ᠢ ᠰᠢᠨ᠎ᠠ ᠪᠠᠷ 3 ᠶᠢ ᠢᠯᠡᠷᠡᠬᠦᠯᠪᠡ᠃ | ᠠᠪᠠᠭ᠎ᠠ ᠬᠤᠰᠢᠭᠤ 2.75 ᠲᠦᠮᠡᠨ ᠬᠠᠪᠳᠠᠭᠠᠢ ᠲᠦᠷᠪᠡᠯᠵᠢᠨ ᠺᠢᠯᠤᠮᠧᠲᠷ ᠲᠠᠯᠠᠪᠠᠢ ᠲᠠᠢ᠂ ᠰᠢᠯᠵᠢᠬᠦᠯᠵᠤ | ᠦᠯᠤ ᠪᠤᠯᠬᠤ ᠲᠡᠤᠬᠡ ᠶᠢᠨ ᠲᠤᠷᠠᠰᠬᠠᠯᠳᠤ ᠵᠥᠢᠯᠡᠰ ᠤᠨ 63 ᠴᠡᠭ ᠨᠢ ᠮᠠᠨ ᠤ ᠬᠤᠰᠢᠭᠤᠨ ᠤ 7 ᠰᠤᠮᠤ | ᠪᠠᠯᠭᠠᠰᠤᠨ ᠳᠤ ᠲᠠᠷᠬᠠᠵᠤ ᠪᠠᠶᠢᠳᠠᠭ᠃ ᠨᠠᠶᠢᠳᠠᠮ ᠪᠠᠶᠢᠴᠠᠭᠠᠯᠳᠠ ᠶᠢᠨ ᠶᠠᠪᠤᠴᠠ ᠳᠤ᠂ ᠠᠵᠢᠯᠳᠠᠳ ᠠᠴᠠ ᠵᠢᠯᠤᠭᠤᠴᠢ | ᠦᠬᠡᠢ ᠨᠢᠰᠬᠡᠯ᠂ ᠲᠤᠭᠠᠴᠢᠯᠠᠭᠰᠡᠨ ᠬᠡᠷᠡᠯ ᠵᠢᠷᠤᠭ ᠤᠨ ᠮᠠᠰᠢᠨ᠂ ᠲᠡᠬᠦᠵᠤ ᠴᠤᠭᠯᠠᠭᠤᠯᠬᠤ ᠲᠦᠬᠦᠬᠡᠷᠤᠮᠵᠢ ᠵᠡᠷᠬᠡ ᠶᠢ | ᠠᠰᠢᠭᠯᠠᠨ᠂ ᠬᠠᠶᠢᠨ ᠪᠠᠶᠢᠴᠠᠭᠠᠬᠤ᠂ ᠰᠠᠬᠦᠳᠡᠷᠯᠡᠬᠦ᠂ ᠬᠡᠮᠵᠢᠬᠦ᠂ ᠤᠷᠤᠨ ᠪᠠᠶᠢᠷᠢ ᠲᠤᠭᠳᠠᠭᠠᠬᠤ ᠵᠡᠷᠬᠡ ᠠᠵᠢᠯ ᠢ | ᠬᠢᠵᠤ᠂ ᠲᠡᠤᠬᠡ ᠶᠢᠨ ᠲᠤᠷᠠᠰᠬᠠᠯᠳᠤ ᠵᠥᠢᠯᠡᠰ ᠤᠨ ᠲᠤᠭ᠎ᠠ ᠪᠠᠷᠢᠮᠳᠠ ᠬᠢᠬᠡᠳ ᠬᠠᠮᠢᠶ᠎ᠠ ᠪᠦᠬᠦᠢ ᠮᠠᠲ᠋ᠧᠷᠢᠶᠠᠯ ᠢ | ᠴᠤᠭᠯᠠᠭᠤᠯᠬᠤ ᠪᠠ ᠲᠠᠩᠰᠠᠯᠠᠨ ᠲᠡᠮᠳᠡᠭᠯᠡᠳᠡᠭ᠃ ᠲᠤᠬᠠᠢ ᠶᠢᠨ ᠭᠠᠵᠡᠷ ᠲᠡᠤᠬᠡ ᠶᠢᠨ ᠲᠤᠷᠠᠰᠬᠠᠯᠳᠤ ᠵᠥᠢᠯᠡᠰ ᠤᠨ | ᠤᠳᠤᠬᠢ ᠪᠠᠶᠢᠳᠠᠯ ᠢ ᠪᠠᠶᠢᠴᠠᠭᠠᠭᠰᠡᠨ ᠰᠠᠭᠤᠷᠢᠨ ᠲᠡᠬᠡᠷ᠎ᠠ᠂ ︽ᠭᠤᠷᠪᠡᠳᠤᠭᠠᠷ ᠤᠳᠠᠭᠠᠨ ᠤ ᠨᠠᠶᠢᠳᠠᠮ ᠪᠠᠶᠢᠴᠠᠭᠠᠯᠳᠠ︾ | ᠶᠢᠨ ᠮᠠᠲ᠋ᠧᠷᠢᠶᠠᠯ ᠵᠡᠷᠬᠡ ᠲᠠᠢ ᠤᠶᠠᠯᠳᠤᠭᠤᠯᠤᠨ᠂ ᠲᠡᠤᠬᠡ ᠶᠢᠨ ᠲᠤᠷᠠᠰᠬᠠᠯᠳᠤ ᠵᠥᠢᠯᠡᠰ ᠤᠨ ᠤᠷᠤᠨ ᠪᠠᠶᠢᠷᠢ᠂ | ᠬᠠᠮᠠᠭᠠᠯᠠᠯᠳᠠ ᠶᠢᠨ ᠲᠡᠰ᠂ ᠤᠳᠤᠬᠢ ᠪᠠᠶᠢᠳᠠᠯ ᠤᠨ ᠬᠠᠳᠠᠭᠠᠯᠠᠯᠳᠠ ᠵᠡᠷᠬᠡ ᠦᠡᠳᠤᠰᠤᠨ ᠮᠡᠳᠡᠭᠡ ᠵᠠᠩᠬᠢ ᠶᠢ ᠬᠢᠨᠡᠨ | ᠬᠠᠷᠭᠤᠭᠤᠯᠵᠤ᠂ ᠲᠡᠤᠬᠡ ᠶᠢᠨ ᠲᠤᠷᠠᠰᠬᠠᠯᠳᠤ ᠵᠥᠢᠯᠡᠰ ᠤᠨ ᠲᠤᠰ ᠪᠠᠶ᠎ᠠ ᠶᠢᠨ ᠵᠠᠭᠠᠭ ᠬᠢᠵᠠᠭᠠᠷ ᠢ ᠬᠢᠨᠡᠨ | ᠲᠤᠭᠳᠠᠭᠠᠵᠤ᠂ ᠲᠡᠤᠬᠡ ᠶᠢᠨ ᠲᠤᠷᠠᠰᠬᠠᠯᠳᠤ ᠵᠥᠢᠯᠡᠰ ᠤᠨ ᠬᠠᠪᠳᠠᠭᠠᠢ ᠶᠢᠨ ᠵᠢᠷᠤᠭ᠂ ᠤᠷᠤᠨ ᠪᠠᠶᠢᠷᠢ ᠶᠢᠨ | ᠲᠠᠶᠢᠯᠪᠤᠷᠢ ᠵᠢᠷᠤᠭ ᠢ ᠵᠢᠷᠤᠵᠤ᠂ ᠤᠨᠤᠪᠴᠢᠳᠡᠢ ᠮᠡᠳᠡᠭᠡ ᠵᠠᠩᠬᠢ ᠶᠢ ᠪᠠᠭᠳᠠᠭᠠᠨ᠂ ᠠᠵᠢᠯ ᠤᠨ ᠦᠷ᠎ᠠ ᠪᠦᠳᠤᠬᠡᠯ | ᠢᠶᠠᠨ ᠴᠠᠭ ᠲᠤᠬᠠᠢ ᠳᠤᠨᠢ ᠳ᠋ᠦᠩᠨᠡᠨ᠂ ᠲᠤᠭ᠎ᠠ ᠪᠠᠷᠢᠮᠳᠠ ᠶᠢᠨ ᠮᠠᠲ᠋ᠧᠷᠢᠶᠠᠯ ᠢ ᠲᠡᠬᠢᠨ ᠬᠠᠷᠭᠤᠭᠤᠯᠵᠤ ᠪᠠᠶᠢᠨ᠎ᠠ᠃ | ᠨᠠᠶᠢᠳᠠᠮ ᠪᠠᠶᠢᠴᠠᠭᠠᠯᠳᠠ ᠶᠢᠨ ᠠᠵᠢᠯ ᠲᠠᠰᠤᠷᠠᠯᠳᠠ ᠦᠬᠡᠢ ᠰᠢᠨ᠎ᠠ ᠠᠬᠢᠴᠠ ᠲᠠᠢ ᠪᠤᠯᠵᠤ᠂ ᠬᠤᠶᠢᠰᠢᠳᠠ ᠶᠢᠨ ᠲᠡᠤᠬᠡ | ᠶᠢᠨ ᠲᠤᠷᠠᠰᠬᠠᠯᠳᠤ ᠵᠥᠢᠯ ᠢ ᠬᠠᠮᠠᠭᠠᠯᠠᠬᠤ ᠠᠵᠢᠯ ᠲᠤ ᠪᠠᠳᠤ ᠪᠠᠬᠢ ᠰᠠᠭᠤᠷᠢ ᠶᠢ ᠲᠠᠯᠪᠢᠵᠤ ᠪᠠᠶᠢᠨ᠎ᠠ᠃ |