ᠠᠪᠠᠭ᠎ᠠ ᠬᠤᠰᠢᠭᠤᠨ ᠤ ᠬᠤᠩᠭᠤᠷᠭᠤᠤᠯ ᠪᠠᠯᠭᠠᠰᠤᠨ ᠤ ᠠᠯᠲᠠᠨᠳᠦᠭᠦᠷᠢᠭ ᠭᠠᠴᠠᠭᠠᠨ ᠤ ᠮᠠᠯᠴᠢᠨ ᠳᠠᠪᠬᠤᠷᠪᠠᠶᠠᠷ | ᠪᠣᠯ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠮᠠᠯᠵᠢᠬᠤ ᠦᠢᠯᠡᠳᠪᠦᠷᠢᠯᠡᠯ ᠳᠤ ᠪᠠᠨ ᠬᠡᠷᠡᠭᠯᠡᠵᠦ ᠠᠰᠢᠭ | ᠬᠦᠷᠲᠡᠵᠦ ᠶᠠᠪᠤᠭ᠎ᠠ ᠰᠢᠨ᠎ᠡ ᠴᠠᠭ ᠤᠨ ᠮᠠᠯᠴᠢᠨ ᠶᠤᠮ᠃ ᠲᠡᠷᠡ ᠥᠩᠭᠡᠷᠡᠭᠰᠡᠨ ᠤ ᠮᠠᠯ ᠢᠶᠠᠨ ᠳᠠᠭᠠᠵᠤ ᠬᠠᠷᠢᠭᠤᠯᠬᠤ | ᠤᠯᠠᠮᠵᠢᠯᠯᠠᠲᠤ ᠪᠦᠳᠦᠭᠦᠯᠢᠭ ᠮᠠᠯᠵᠢᠯ ᠠᠴᠠ ᠭᠡᠷ ᠲᠤ ᠪᠠᠨ ᠰᠠᠭᠤᠵᠤ ᠭᠠᠷ ᠤᠲᠠᠰᠤᠨ ᠳᠡᠭᠡᠷ᠎ᠡ ᠪᠠᠨ ᠮᠠᠯ ᠢᠶᠠᠨ | ᠬᠠᠷᠢᠭᠤᠯᠬᠤ᠂ ᠮᠠᠯ ᠢᠶᠠᠨ ᠤᠰᠤᠯᠠᠬᠤ ᠤᠶᠤᠨᠴᠢ ᠠᠮᠢᠳᠤᠷᠠᠯ ᠢ ᠬᠢᠵᠦ᠂ ᠠᠯᠠᠭᠠᠨ ᠳᠡᠭᠡᠷ᠎ᠡ ᠪᠠᠨ ᠮᠠᠯᠵᠢᠬᠤ | ᠦᠢᠯᠡᠳᠪᠦᠷᠢᠯᠡᠯ ᠤᠨ ᠡᠯ᠎ᠡ ᠲᠥᠷᠦᠯ ᠤᠨ ᠠᠵᠢᠯ ᠢ ᠭᠦᠢᠴᠡᠳᠬᠡᠬᠦ ᠪᠣᠯᠵᠡᠢ᠃ | ᠡᠳᠡᠨ ᠤ ᠪᠤᠬᠠᠨ ᠲᠤᠭᠤᠯ 2.5 ᠲᠥᠮᠡᠨ ᠲᠥᠭᠦᠷᠢᠭ ᠲᠤ ᠬᠦᠷᠴᠡᠢ | ᠳᠠᠪᠬᠤᠷᠪᠠᠶᠠᠷ ᠤᠨ ᠬᠢ ᠰᠢᠮᠧᠨ᠋ᠲ᠋ᠡᠷ ᠦᠬᠡᠷ ᠭᠤᠤᠯᠲᠠᠢ ᠮᠠᠯᠵᠢᠳᠠᠭ ᠃ ᠴᠥᠬᠡᠨ ᠮᠠᠯ ᠠᠴᠠ ᠥᠨᠳᠦᠷ ᠦᠷ᠎ᠡ | ᠠᠰᠢᠭ ᠬᠦᠷᠲᠡᠬᠦ ᠪᠣᠯ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠭᠡᠳᠡᠭ ᠢ ᠡᠷᠲᠡ ᠠᠴᠠ ᠲᠠᠨᠢᠵᠤ ᠮᠡᠳᠡᠭᠰᠡᠨ | ᠲᠡᠷᠡ ᠨᠤᠲᠤᠭ ᠤᠨ ᠦᠬᠡᠷ ᠢᠶᠠᠨ ᠬᠤᠳᠠᠯᠳᠤᠵᠤ᠂ 2008 ᠣᠨ ᠠᠴᠠ ᠡᠬᠢᠯᠡᠨ ᠰᠢᠯᠢᠳᠡᠭ ᠡᠭᠦᠯᠳᠡᠷ ᠤᠨ ᠦᠬᠡᠷ | ᠮᠠᠯᠵᠢᠬᠤ ᠵᠠᠮ ᠢᠶᠠᠷ ᠵᠠᠮᠨᠠᠵᠡᠢ᠃ ᠲᠡᠷᠡ ᠥᠪᠡᠷ ᠢᠶᠠᠨ ᠭᠠᠷ ᠬᠡᠭᠡᠯᠲᠦᠬᠦᠯᠭᠡ ᠶᠢᠨ ᠮᠡᠷᠭᠡᠵᠢᠯ ᠰᠤᠷᠤᠯᠴᠠᠬᠤ ᠶᠢᠨ ᠬᠠᠮᠲᠤ | ᠭᠠᠳᠠᠨ᠎ᠠ ᠠᠴᠠ ᠰᠢᠯᠢᠳᠡᠭ ᠡᠭᠦᠯᠳᠡᠷ ᠤᠨ ᠦᠬᠡᠷ ᠣᠷᠤᠭᠤᠯᠤᠨ᠂ ᠮᠠᠯ ᠤᠨ ᠡᠭᠦᠯᠳᠡᠷ ᠢᠶᠠᠨ ᠳᠠᠰᠤᠷᠠᠯᠲᠠ ᠦᠭᠡᠢ | ᠰᠢᠯᠢᠳᠡᠭᠵᠢᠭᠦᠯᠦᠭᠰᠡᠨ ᠢᠶᠠᠷ 2016 ᠣᠨ ᠳᠤ ᠠᠶᠢᠮᠠᠭ ᠤᠨ ᠳᠡᠰ ᠤᠨ ᠰᠢᠮᠧᠨ᠋ᠲ᠋ᠡᠷ ᠦᠬᠡᠷ ᠪᠤᠶᠢᠵᠢᠭᠤᠯᠬᠤ | ᠭᠤᠣᠯᠳᠠᠯᠭᠠᠲᠤ ᠰᠦᠷᠦᠭ ᠪᠣᠯᠵᠤ᠂ 2015 ᠣᠨ ᠳᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠭᠤᠯᠪᠠ᠃ | ᠰᠢᠨᠵᠢᠯᠡᠬᠦ ᠤᠬᠠᠭᠠᠨᠴᠢ ᠮᠠᠯᠵᠢᠯ ᠢ ᠡᠷᠬᠢᠮᠯᠡᠭᠰᠡᠨ ᠲᠡᠷᠡ ᠣᠶᠢᠷ᠎ᠠ ᠶᠢᠨ ᠵᠢᠯ ᠠᠴᠠ ᠰᠠᠭᠤᠷᠢ ᠪᠦᠲᠦᠭᠡᠨ | ᠪᠠᠶᠢᠭᠤᠯᠤᠯᠲᠠ ᠪᠠᠨ ᠰᠠᠶᠢᠵᠢᠷᠠᠭᠤᠯᠵᠤ᠂ 700 ᠬᠠᠪᠲᠠᠭᠠᠢ ᠳᠥᠷᠪᠡᠯᠵᠢᠨ ᠮᠧᠲᠷ ᠤᠨ ᠦᠬᠡᠷ ᠲᠡᠵᠢᠭᠡᠬᠦ ᠫᠧᠩ᠂ | 1300 ᠬᠠᠪᠲᠠᠭᠠᠢ ᠳᠥᠷᠪᠡᠯᠵᠢᠨ ᠮᠧᠲᠷ ᠤᠨ ᠳᠤᠯᠠᠭᠠᠨ ᠫᠧᠩ᠂ 4 ᠮᠠᠰᠢᠨ ᠬᠤᠳᠳᠤᠭ ᠮᠠᠯᠲᠠᠵᠤ᠂ ᠫᠧᠩ | ᠬᠤᠷᠤᠭ᠎ᠠ᠂ ᠮᠠᠰᠢᠨ ᠬᠤᠳᠳᠤᠭ ᠵᠡᠷᠭᠡ ᠳᠤ ᠪᠠᠨ ᠴᠦᠮ ᠡᠯᠧᠺᠲᠷᠣᠨ ᠬᠢᠨᠡᠨ ᠡᠵᠡᠮᠳᠡᠭᠦᠷ ᠤᠭᠰᠠᠷᠠᠵᠤ᠂ ᠮᠠᠯ ᠢᠶᠠᠨ | ᠬᠠᠷᠠᠬᠤ᠂ ᠮᠠᠯ ᠢᠶᠠᠨ ᠤᠰᠤᠯᠠᠬᠤ ᠳᠤ ᠴᠦᠮ ᠳᠦᠬᠦᠮ ᠪᠤᠯᠤᠭᠰᠠᠨ ᠪᠠᠶᠢᠨ᠎ᠠ᠃ ︽ ᠮᠠᠨ ᠤ ᠦᠬᠡᠷ ᠤᠨ ᠡᠭᠦᠯᠳᠡᠷ | ᠰᠠᠶᠢᠨ ᠪᠤᠯᠬᠤᠷ ᠨᠢᠭᠡ ᠪᠦᠯᠦᠭ ᠡᠷ᠎ᠡ ᠲᠤᠭᠤᠯ ᠢᠶᠠᠨ ᠵᠢᠯ ᠪᠤᠯᠭᠠᠨ ᠦᠷ᠎ᠡ ᠶᠢᠨ ᠮᠠᠯ ᠢᠶᠠᠷ ᠦᠯᠡᠳᠡᠭᠡᠳᠡᠭ᠃ ᠮᠠᠨ ᠤ | ᠲᠤᠭᠤᠯ ᠢ ᠪᠤᠬ᠎ᠠ ᠲᠠᠯᠪᠢᠬᠤ ᠪᠠᠷ ᠬᠤᠳᠠᠯᠳᠤᠨ ᠠᠪᠬᠤ ᠬᠦᠮᠦᠨ ᠣᠯᠠᠨ ᠪᠠᠶᠢᠵᠤ᠂ ᠪᠦᠬᠦ ᠠᠶᠢᠮᠠᠭ ᠤᠨ ᠡᠯ᠎ᠡ | ᠬᠤᠰᠢᠭᠤᠳ ᠠᠴᠠ ᠪᠦᠷ ᠢᠷᠡᠵᠦ ᠠᠪᠳᠠᠭ᠃ ᠲᠦᠷᠦᠭᠦᠦ ᠬᠤᠶᠠᠷ ᠵᠢᠯ ᠪᠤᠬᠠᠨ ᠲᠤᠭᠤᠯ ᠳᠡᠭᠰᠢᠳᠬᠡᠭᠡᠳ 1 ᠲᠦᠮᠡ | 8000 ᠲᠦᠭᠦᠷᠢᠭ ᠲᠤ ᠬᠦᠷᠴᠦ᠂ ᠬᠠᠮᠤᠭ ᠦᠨᠳᠦᠷ ᠲᠤ ᠪᠠᠨ 2 ᠲᠦᠮᠡ 5000 ᠲᠥᠭᠦᠷᠢᠭ ᠲᠤ | ᠬᠦᠷᠴᠡᠢ᠂ ᠦᠬᠢᠨ ᠲᠤᠭᠤᠯ ᠳᠡᠭᠰᠢᠳᠬᠡᠭᠡᠳ 1 ᠲᠦᠮᠡ 4000 ᠲᠥᠭᠦᠷᠢᠭ ᠲᠤ ᠬᠦᠷᠴᠦ᠂ ᠬᠠᠮᠤᠭ ᠦᠨᠳᠦᠷ | ᠲᠤ ᠪᠠᠨ 2 ᠲᠦᠮᠡᠨ ᠲᠥᠭᠦᠷᠢᠭ ᠲᠤ ᠬᠦᠷᠦᠭᠰᠡᠨ︾ ᠭᠡᠵᠦ ᠳᠠᠪᠬᠤᠷᠪᠠᠶᠠᠷ ᠶᠠᠷᠢᠯ᠎ᠠ᠃ | ᠮᠠᠯ ᠢᠶᠠᠨ ᠴᠥᠬᠡᠴᠢᠯᠡᠵᠦ ᠨᠤᠲᠤᠭ ᠢᠶᠠᠨ ᠬᠠᠮᠠᠭᠠᠯᠠᠨ᠎ᠠ | ᠡᠳᠡᠨ ᠤ ᠬᠢ ᠠᠮᠢ ᠠᠬᠤᠢ ᠪᠠᠨ ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ 2017 ᠣᠨ ᠠᠴᠠ ᠦᠬᠡᠷ ᠤᠨ | ᠲᠤᠭ᠎ᠠ ᠲᠤᠯᠤᠭᠠᠢ ᠪᠠᠨ ᠴᠥᠬᠡᠴᠢᠯᠡᠨ᠂ 40 ᠭᠠᠷᠤᠢ ᠦᠬᠡᠷ ᠢᠶᠠᠨ ᠬᠤᠳᠠᠯᠳᠤᠵᠤ᠂ ᠵᠢᠷᠠᠭᠠᠳ ᠦᠬᠡᠷ | ᠦᠯᠡᠳᠡᠭᠡᠵᠦ ᠬᠡᠪᠴᠢᠶᠡᠵᠢᠭᠦᠯᠦᠨ ᠮᠠᠯᠵᠢᠵᠤ᠂ ᠡᠨᠡ ᠵᠢᠯ ᠪᠠᠰᠠ ᠲᠣᠮᠣ ᠳᠤᠬᠢᠷᠠᠭᠤᠯᠤᠯᠲᠠ ᠬᠢᠵᠦ᠂ 15 ᠰᠢᠮᠧᠨ᠋ᠲ᠋ᠡᠷ | ᠦᠨᠢᠶ᠎ᠡ᠂ 30 ᠠᠳᠤᠭᠤ ᠡᠪᠦᠯᠵᠢᠭᠦᠯᠬᠦ ᠪᠠᠷ ᠪᠣᠢ᠃ | ᠳᠠᠪᠬᠤᠷᠪᠠᠶᠠᠷ ᠪᠡᠯᠴᠢᠭᠡᠷ ᠢᠶᠠᠨ ᠭᠤᠷᠪᠠᠨ ᠬᠡᠰᠡᠭ ᠬᠤᠪᠢᠶᠠᠵᠤ ᠳᠤᠬᠢᠷᠠᠮᠵᠢᠲᠠᠢ ᠠᠰᠢᠭᠯᠠᠨ᠂ ᠡᠨᠡ ᠵᠢᠯ 2500 | ᠮᠦ ᠪᠡᠯᠴᠢᠭᠡᠷ ᠢᠶᠠᠨ ᠪᠢᠲᠡᠭᠦᠮᠵᠢᠯᠡᠨ ᠬᠦᠷᠢᠶᠡᠯᠡᠵᠦ᠂ ᠡᠪᠡᠰᠦ ᠲᠠᠷᠢᠵᠤ ᠣᠶᠢᠵᠢᠭᠤᠯᠤᠨ᠂ ᠬᠠᠳᠤᠯᠠᠩ ᠤᠨ ᠲᠠᠯᠠᠪᠠᠢ | ᠪᠣᠯᠭᠠᠬᠤ ᠰᠠᠨᠠᠭᠠᠲᠠᠢ ᠪᠠᠶᠢᠯ᠎ᠠ᠃ ︽ᠦᠬᠡᠷ ᠣᠯᠠᠨ ᠵᠢᠯ ᠳᠤ ᠮᠠᠨ ᠤ ᠵᠢᠯ ᠳᠤ ᠪᠠᠨ ᠭᠠᠳᠠᠨ᠎ᠠ ᠠᠴᠠ ᠡᠪᠡᠰᠦ | ᠪᠤᠷᠳᠤᠭ᠎ᠠ ᠬᠤᠳᠠᠯᠳᠤᠵᠤ ᠠᠪᠳᠠᠭ ᠪᠠᠶᠢᠭᠰᠠᠨ᠂ ᠨᠢᠳᠤᠨᠤᠨ ᠬᠠᠪᠤᠷ 150 ᠲᠤᠨ ᠡᠪᠡᠰᠦ ᠬᠤᠳᠠᠯᠳᠤᠵᠤ ᠠᠪᠴᠡᠢ᠃ | ᠡᠨᠡ ᠵᠢᠯ ᠦᠬᠡᠷ ᠢᠶᠠᠨ ᠴᠥᠭᠡᠳᠬᠡᠭᠰᠡᠨ ᠠᠴᠠ ᠪᠡᠯᠴᠢᠭᠡᠷ ᠰᠠᠶᠢᠨ ᠪᠣᠯᠵᠤ᠂ ᠪᠡᠯᠴᠢᠭᠡᠷ ᠠᠴᠠ ᠪᠠᠨ 90 ᠲᠤᠨ | ᠡᠪᠡᠰᠦ ᠬᠠᠳᠤᠵᠤ᠂ ᠬᠠᠳᠤᠯᠠᠩ ᠤᠨ ᠲᠠᠯᠠᠪᠠᠢ ᠪᠠᠨ ᠪᠠᠶᠢᠰᠬᠢᠭᠠᠳ ᠬᠠᠳᠤᠬᠤ ᠪᠠᠷ ᠪᠠᠶᠢᠨ᠎ᠠ᠂ ᠥᠨᠥ ᠵᠢᠯ | ᠭᠠᠳᠠᠨ᠎ᠠ ᠠᠴᠠ ᠡᠪᠡᠰᠦ ᠬᠤᠳᠠᠯᠳᠤᠵᠤ ᠠᠪᠬᠤ ᠦᠭᠡᠢ᠂ ᠡᠪᠦᠯ ᠬᠠᠪᠤᠷ ᠤᠨ ᠲᠡᠵᠢᠭᠡᠯ ᠡᠪᠡᠰᠦ ᠪᠠᠨ ᠪᠦᠷ ᠥᠪᠡᠷ ᠤᠨ | ᠪᠡᠯᠴᠢᠭᠡᠷ ᠠᠴᠠ ᠪᠠᠨ ᠬᠠᠩᠭᠠᠴᠢᠬᠠᠨᠠ︾ ᠭᠡᠵᠦ ᠳᠠᠪᠬᠤᠷᠪᠠᠶᠠᠷ ᠪᠠᠶᠠᠷᠲᠠᠶᠢᠬᠠᠨ ᠶᠠᠷᠢᠯ᠎ᠠ᠃ | ᠠᠦ᠋ᠲ᠋ᠣᠴᠢᠯᠠᠵᠤ ᠮᠠᠰᠢᠨᠴᠢᠯᠠᠭᠰᠠᠨ ᠠᠮᠢᠳᠤᠷᠠᠯ ᠢ ᠡᠳ᠋ᠯᠡᠵᠡᠢ | ᠡᠳᠡᠨ ᠤ ᠬᠢᠨ ᠬᠤᠳᠳᠤᠭ ᠤᠰᠤ᠂ ᠬᠠᠰᠢᠶ᠎ᠠ ᠰᠠᠷᠠᠪᠴᠢ ᠵᠡᠷᠭᠡ ᠳᠤ ᠪᠠᠨ ᠪᠦᠷ ᠬᠦᠮᠦᠨ ᠤ ᠬᠦᠴᠦᠨ ᠳᠤ | ᠠᠷᠪᠢᠲᠠᠢ ᠡᠯᠧᠺᠲᠷᠣᠨ ᠬᠢᠨᠠᠨ ᠡᠵᠡᠮᠳᠡᠭᠦᠷ ᠤᠭᠰᠠᠷᠠᠵᠤ᠂ ᠬᠤᠳᠠ ᠬᠤᠷᠤᠭ᠎ᠠ ᠡᠷᠭᠢᠬᠦ ᠨᠢ ᠪᠠᠭᠠᠰᠴᠤ᠂ ᠮᠠᠯ | ᠰᠦᠷᠦᠭ ᠤᠨ ᠢᠶᠠᠨ ᠬᠤᠶᠢᠨ᠎ᠠ ᠠᠴᠠ ᠰᠠᠨᠠᠭ᠎ᠠ ᠠᠯᠭᠠᠰᠠᠬᠤ ᠪᠠᠨ ᠪᠤᠯᠢᠵᠤ᠂ ᠮᠠᠯ ᠰᠦᠷᠦᠭ ᠤᠨ ᠥᠰᠴᠦ | ᠦᠷᠡᠵᠢᠬᠦ ᠳᠤ ᠨᠡᠩ ᠪᠠᠲᠤᠯᠠᠭ᠎ᠠ ᠬᠠᠩᠭᠠᠵᠡᠢ᠃ | ︽ᠮᠠᠨ ᠤ ᠬᠢ ᠡᠯᠧᠺᠲᠷᠣᠨ ᠬᠢᠨᠠᠨ ᠡᠵᠮᠡᠳᠡᠭᠦᠷ ᠤᠭᠰᠠᠷᠠᠭᠠᠳ ᠪᠠᠷᠤᠭ ᠠᠷᠪᠠᠨ ᠵᠢᠯ ᠪᠣᠯᠵᠤ ᠪᠠᠶᠢᠨ᠎ᠠ᠂ | ᠮᠠᠯᠵᠢᠬᠤ ᠦᠢᠯᠡᠳᠪᠦᠷᠢᠯᠡᠯ ᠳᠤ ᠮᠠᠰᠢ ᠳᠦᠭᠦᠮ ᠦᠵᠡᠭᠦᠯᠵᠦ᠂ ᠬᠦᠮᠦᠨ ᠤ ᠬᠦᠴᠦᠨ ᠢ ᠠᠷᠪᠢᠯᠠᠵᠤ᠂ ᠲᠥᠯ ᠮᠠᠯ ᠶᠢᠨ | ᠬᠤᠬᠢᠷᠠᠯ ᠰᠦᠢᠳᠦᠯ ᠢ ᠰᠡᠷᠭᠡᠶᠢᠯᠡᠵᠦ ᠴᠢᠳᠠᠭᠰᠠᠨ ᠪᠠᠶᠢᠨ᠎ᠠ᠃ ᠠᠩᠬᠠᠨ ᠳᠤ ᠦᠨᠢᠶ᠎ᠡ ᠲᠤᠭᠤᠯᠯᠠᠬᠤ ᠳᠤ ᠬᠦᠢᠲᠡᠨ ᠤ | ᠢᠳᠡ ᠴᠠᠭ ᠢᠶᠠᠷ ᠰᠦᠨᠢ ᠪᠠᠶᠢᠨ ᠳᠠᠬᠢᠨ ᠪᠤᠰᠤᠭᠠᠳ ᠯᠡ ᠦᠵᠡᠬᠦ ᠪᠠᠷ ᠭᠦᠶᠦᠳᠡᠭ ᠪᠠᠶᠢᠭᠰᠠᠨ᠂ ᠲᠡᠭᠡᠬᠦ ᠮᠦᠷᠲᠡᠭᠡᠨ | ᠦᠵᠡᠵᠦ ᠠᠮᠵᠢᠬᠤ ᠦᠭᠡᠢ ᠪᠣᠯ ᠬᠤᠬᠢᠷᠠᠯ ᠰᠦᠢᠳᠦᠯ ᠭᠠᠷᠳᠠᠭ ᠪᠠᠶᠢᠭᠰᠠᠨ᠂ ᠣᠳᠤ ᠭᠠᠷ ᠤᠲᠠᠰᠤᠨ | ᠳᠡᠭᠡᠷ᠎ᠡ ᠠᠴᠠ ᠪᠠᠨ ᠦᠵᠡᠵᠦ ᠰᠠᠭᠤᠪᠠᠯ ᠪᠤᠯᠴᠢᠬᠠᠨ᠎ᠠ᠂ ᠬᠠᠶᠠ ᠤᠴᠢᠷ ᠲᠠᠢ ᠬᠤᠶᠠᠷ ᠭᠤᠷᠪᠠᠨ ᠡᠳᠦᠷ ᠢᠶᠠᠷ | ᠭᠠᠳᠠᠭᠰᠢ ᠭᠠᠷᠤᠭᠰᠠᠨ ᠴᠤ ᠮᠠᠯ ᠤᠨᠤᠭ᠎ᠠ᠂ ᠫᠧᠩ ᠬᠤᠷᠤᠭ᠎ᠠ᠂ ᠮᠠᠰᠢᠨ ᠬᠤᠳᠳᠤᠭ ᠢᠶᠠᠨ ᠪᠦᠷ ᠦᠵᠡᠴᠢᠬᠡᠨᠡ︾ | ᠭᠡᠵᠦ ᠳᠠᠪᠬᠤᠷᠪᠠᠶᠠᠷ ᠶᠠᠷᠢᠯ᠎ᠠ᠃ |