ᠲᠤᠰᠬᠠᠢ ᠮᠡᠷᠭᠡᠵᠢᠯ ᠤᠨ ᠴᠤᠯᠠ ᠬᠦᠷᠲᠡᠪᠡ | ᠠᠪᠠᠭ᠎ᠠ ᠬᠤᠰᠢᠭᠤᠨ ᠤ ᠪᠠᠶᠠᠨᠲᠤᠭ ᠰᠤᠮᠤᠨ ᠤ ᠠᠷᠤᠪᠤᠯᠠᠭ ᠭᠠᠴᠠᠭ᠎ᠠ ᠪᠠᠷ ᠨᠤᠲᠤᠭᠲᠠᠢ ᠵᠠᠯᠠᠭᠤ ᠮᠠᠯᠴᠢᠨ | ᠬᠠᠶᠢᠷᠬᠠᠨ 2018 ᠣᠨ ᠳᠤ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠠᠮᠢᠷ ᠤᠨ | ᠰᠠᠯᠪᠤᠷᠢ ᠠᠴᠠ ᠲᠡᠭᠦᠰᠦᠭᠰᠡᠨ ᠤ ᠪᠠᠨ ᠳᠠᠷᠠᠭ᠎ᠠ ᠠᠷᠤ ᠬᠢᠯᠢ ᠶᠢᠨ ᠨᠤᠲᠤᠭ ᠲᠤ ᠮᠠᠯᠵᠢᠬᠤ ᠦᠢᠯᠡᠳᠪᠦᠷᠢᠯᠡᠯ | ᠠᠮᠢᠳᠤᠷᠠᠯ ᠢᠶᠠᠨ ᠡᠷᠬᠢᠯᠡᠵᠦ ᠪᠠᠶᠢᠭ᠎ᠠ ᠠᠪᠤ ᠡᠵᠢ ᠳᠤ ᠪᠠᠨ ᠳᠤᠰᠠ ᠳᠡᠮ ᠪᠣᠯᠵᠤ᠂ ᠬᠥᠳᠡᠭᠡ ᠨᠤᠲᠤᠭ ᠢᠶᠠᠨ | ᠴᠤᠭᠴᠠᠯᠠᠨ ᠪᠠᠶᠢᠭᠤᠯᠬᠤ ᠪᠤᠳᠤᠯ ᠢ ᠡᠪᠦᠷᠯᠡᠵᠦ ᠬᠥᠳᠡᠭᠡ ᠪᠠᠨ ᠪᠤᠴᠠᠵᠡᠢ᠃ ᠥᠪᠡᠷ ᠤᠨ ᠬᠡᠰᠡᠨ ᠦᠵᠡᠯ ᠪᠣᠳᠤᠯ᠂ | ᠤᠷᠤᠯᠳᠤᠯᠤᠭᠠ ᠬᠢᠳᠡᠯ ᠲᠠᠢ ᠰᠢᠨ᠎ᠡ ᠴᠠᠭ ᠤᠨ ᠵᠠᠯᠠᠭᠤ ᠮᠠᠯᠴᠢᠨ ᠤ ᠨᠢᠭᠡ ᠨᠢ ᠪᠤᠯᠤᠭᠰᠠᠨ ᠲᠡᠷᠡ ᠪᠠᠷ ᠮᠠᠯ ᠠᠵᠤ | ᠠᠬᠤᠢ ᠶᠢᠨ ᠲᠠᠯ᠎ᠠ ᠪᠠᠷ ᠬᠢ ᠮᠡᠳᠡᠯᠭᠡ ᠮᠡᠳᠡᠴᠡ ᠪᠠᠨ ᠳᠠᠰᠤᠷᠠᠯᠲᠠ ᠦᠭᠡᠢ ᠳᠡᠭᠡᠭᠰᠢᠯᠡᠭᠦᠯᠦᠭᠰᠡᠭᠡᠷ ᠢᠷᠡᠭᠰᠡᠨ ᠢᠶᠠᠷ᠂ | 2023 ᠣᠨ ᠳᠤ ᠪᠤᠯᠪᠠᠰᠤᠷᠠᠯ ᠪᠣᠯᠣᠨ ᠬᠢᠨᠠᠯᠲᠠ ᠪᠠᠷ ᠳᠠᠮᠵᠢᠨ ᠥᠪᠦᠷ ᠮᠣᠩᠭᠤᠯ ᠤᠨ ᠠᠩᠬᠠᠳᠤᠭᠠᠷ ᠪᠦᠯᠦᠭ ᠤᠨ | ᠲᠤᠰᠬᠠᠢ ᠮᠡᠷᠭᠡᠵᠢᠯ ᠤᠨ ᠴᠤᠯᠠ ᠬᠦᠷᠲᠡᠭᠰᠡᠨ ᠮᠠᠯᠴᠢᠨ ᠤ ᠡᠩᠨᠡᠭᠡᠨ ᠳᠤ ᠤᠷᠤᠪᠠ᠃ | ᠮᠠᠯ ᠠᠵᠤ ᠠᠬᠤᠢ ᠶᠢᠨ ᠮᠠᠰᠢᠨᠴᠢᠯᠠᠯᠲᠠ ᠶᠢ ᠴᠢᠬᠤᠯᠠᠴᠢᠯᠠᠪᠠ | ᠡᠳᠡᠨᠡᠶᠢᠬᠡᠨ ᠤ ᠰᠠᠭᠤᠷᠢ ᠪᠦᠲᠦᠭᠡᠨ ᠪᠠᠶᠢᠭᠤᠯᠤᠯᠲᠠ ᠶᠡᠭᠡ ᠪᠦᠷᠢᠨ ᠲᠥᠬᠦᠷ ᠃ 1000 ᠬᠠᠪᠲᠠᠭᠠᠢ | ᠳᠥᠷᠪᠡᠯᠵᠢᠨ ᠮᠧᠲᠷ ᠪᠦᠬᠦᠢ ᠫᠧᠩ ᠬᠤᠷᠤᠭ᠎ᠠ ᠲᠠᠢ᠂ ᠮᠠᠯ ᠤᠨᠤᠭ᠎ᠠ ᠪᠠᠨ ᠦᠵᠡᠵᠦ ᠬᠠᠷᠠᠳᠠᠭ ᠠᠯᠤᠰ ᠡᠵᠡᠮᠳᠡᠭᠦᠷ | ᠲᠠᠢ᠂ ᠮᠠᠯ ᠠᠵᠤ ᠠᠬᠤᠢ ᠳᠤ ᠬᠡᠷᠡᠭᠯᠡᠬᠦ ᠮᠠᠰᠢᠨ ᠪᠠᠭᠠᠵᠢ ᠢᠵᠢ ᠪᠦᠷᠢᠨ ᠢᠶᠠᠷ ᠪᠠᠷᠠᠬᠤ ᠦᠭᠡᠢ᠂ 2020 ᠣᠨ ᠳᠤ | ᠬᠠᠶᠢᠷᠬᠠᠨ 5800 ᠭᠠᠷᠤᠢ ᠮᠦ ᠨᠤᠲᠤᠭ ᠪᠡᠯᠴᠢᠭᠡᠷ ᠪᠤᠯᠤᠨ 17 ᠢᠵᠢ ᠮᠠᠯ ᠠᠵᠤ ᠠᠬᠤᠢ ᠳᠤ ᠬᠡᠷᠡᠭᠯᠡᠬᠦ ᠲᠤᠮᠤ | ᠬᠡᠯᠪᠡᠷᠢ ᠶᠢᠨ ᠮᠠᠰᠢᠨ ᠲᠥᠬᠦᠭᠡᠷᠦᠮᠵᠢ ᠪᠠᠷ ᠢᠶᠠᠨ ᠴᠤᠭᠲᠠᠢ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠨ | ᠳᠠᠩᠰᠠᠯᠠᠭᠤᠯᠤᠨ ᠠᠵᠢᠯᠯᠠᠭᠤᠯᠪᠠ᠃ ᠬᠠᠶᠢᠷᠬᠠᠨ᠄ ︽ᠤᠯᠠᠮᠵᠢᠯᠠᠯᠲᠤ ᠮᠠᠯᠵᠢᠯ ᠤᠨ ᠠᠷᠭ᠎ᠠ ᠪᠠᠷ ᠪᠣᠯ ᠬᠠᠪᠤᠷ ᠲᠥᠯ | ᠲᠣᠰᠬᠤ ᠳᠤ ᠬᠤᠷᠠᠭᠠᠯᠠᠬᠤ ᠬᠤᠨᠢᠳ ᠢᠶᠠᠨ 24 ᠴᠠᠭ ᠢᠶᠠᠷ ᠮᠠᠨᠠᠳᠠᠭ ᠪᠣᠯ ᠫᠧᠩ ᠬᠤᠷᠤᠭᠠᠨ ᠤ ᠪᠦᠲᠦᠭᠡᠨ | ᠪᠠᠶᠢᠭᠤᠯᠤᠯᠲᠠ ᠬᠢᠵᠦ᠂ ᠠᠯᠤᠰ ᠡᠵᠡᠮᠳᠡᠭᠦᠷ ᠤᠭᠰᠠᠷᠠᠭᠰᠠᠨ ᠠᠴᠠ ᠬᠤᠶᠢᠰᠢ ᠭᠡᠷ ᠲᠤ ᠪᠠᠨ ᠰᠠᠭᠤᠵᠤ ᠭᠠᠷ ᠤᠲᠠᠰᠤ | ᠪᠠᠷ ᠢᠶᠠᠨ ᠰᠢᠭᠤᠳ ᠪᠠᠶᠢᠳᠠᠯ ᠢ ᠨᠢ ᠠᠵᠢᠴᠢᠬᠠᠨᠠ︾ ᠭᠡᠯᠡ᠃ | ᠦᠬᠡᠷ ᠤᠨ ᠢᠶᠠᠨ ᠡᠭᠦᠯᠳᠡᠷ ᠢ ᠰᠠᠶᠢᠵᠢᠷᠠᠭᠤᠯᠤᠨ᠎ᠠ | ᠬᠠᠶᠢᠷᠬᠠᠨ ᠤ ᠬᠢ ᠰᠢᠮᠧᠨ᠋ᠲ᠋ᠠᠷ ᠦᠬᠡᠷ ᠭᠤᠣᠯᠲᠠᠢ ᠮᠠᠯᠵᠢᠬᠤ ᠶᠢᠨ ᠢᠶᠠᠨ ᠳᠠᠭᠠᠤ ᠠᠪᠠᠭ᠎ᠠ ᠬᠠᠷ᠎ᠠ ᠠᠳᠤᠭᠤ᠂ | ᠤᠷᠢᠶᠠᠩᠬᠠᠨ ᠬᠤᠨᠢ ᠮᠠᠯᠵᠢᠵᠤ ᠪᠠᠶᠢᠪᠠ᠂ ᠡᠨᠡ ᠵᠢᠯ ᠠᠴᠠ ᠰᠦᠷᠦᠭ ᠤᠨ ᠢᠶᠠᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠡᠭᠦᠳᠡᠨ ᠠᠴᠠ ᠬᠤᠸᠠᠰᠢ ᠦᠬᠡᠷ ᠮᠠᠯᠵᠢᠭᠰᠠᠨ ᠪᠠᠶᠢᠨ᠎ᠠ᠃ | ᠨᠤᠲᠤᠭ ᠪᠤᠴᠠᠭᠰᠠᠨ ᠲᠡᠷᠡ ᠪᠠᠷ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠳᠤ ᠵᠠᠪᠠᠯ ᠴᠠᠭ ᠦᠶ᠎ᠡ ᠶᠢ ᠳᠠᠭᠠᠭᠰᠠᠨ | ᠪᠠᠶᠢᠬᠤ ᠬᠡᠷᠡᠭᠲᠡᠢ ᠭᠡᠰᠡᠨ ᠢ ᠤᠶᠢᠯᠠᠭᠠᠵᠤ᠂ ᠥᠪᠡᠷᠲᠡᠭᠡᠨ ᠢᠴᠡᠬᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ | ᠰᠤᠷᠤᠯᠴᠠᠨ᠂ ᠮᠠᠯ ᠤᠨ ᠢᠶᠠᠨ ᠡᠭᠦᠯᠳᠡᠷ ᠢ ᠰᠢᠯᠢᠳᠡᠭᠵᠢᠭᠦᠯᠵᠦ ᠡᠬᠢᠯᠡᠪᠡ᠃ ︽ ᠪᠢ ᠨᠢᠭᠡ ᠬᠡᠰᠡᠭ ᠲᠤᠭᠤᠯ ᠢᠶᠠᠨ | ᠪᠤᠷᠳᠤᠨ ᠲᠡᠵᠢᠭᠡᠵᠦ ᠦᠵᠡᠭᠰᠡᠨ᠂ ᠠᠳᠠᠯᠢ ᠬᠡᠮᠵᠢᠶ᠎ᠡ ᠪᠠᠷ ᠪᠤᠷᠲᠤᠭᠰᠠᠨ ᠤ ᠰᠡᠭᠦᠯᠡᠷ ᠰᠢᠯᠢᠳᠡᠭ ᠡᠭᠦᠯᠳᠡᠷ ᠤᠨ | ᠲᠤᠭᠤᠯ ᠨᠢ ᠪᠤᠰᠤᠳ ᠲᠤᠭᠤᠯ ᠢᠶᠠᠨ ᠪᠤᠳᠤᠪᠠᠯ 10 —15 ᠡᠳᠦᠷ ᠳᠤᠲᠠᠭᠤ ᠪᠤᠷᠳᠤᠴᠢᠬᠠᠭᠠᠳ 20 ᠵᠢᠩ | ᠢᠯᠡᠭᠦᠦ ᠬᠦᠨᠳᠦ ᠪᠠᠶᠢᠭᠰᠠᠨ᠃ ᠢᠩᠭᠢᠵᠦ ᠪᠤᠳᠤᠪᠠᠯ ᠬᠡᠰᠡᠭ ᠵᠠᠷᠤᠯᠭ᠎ᠠ ᠪᠠᠨ ᠪᠠᠭᠠᠰᠬᠠᠴᠢᠬᠠᠨᠠ᠂ ᠭᠠᠷᠭᠠᠯᠲᠠ ᠶᠢᠨ | ᠬᠤᠭᠤᠴᠠᠭ᠎ᠠ ᠶᠢ ᠪᠤᠭᠤᠨᠢᠰᠬᠠᠴᠢᠬᠠᠨᠠ᠂ ᠠᠰᠢᠭ ᠣᠷᠣᠯᠭ᠎ᠠ ᠬᠠᠰᠢᠯᠠ ᠰᠠᠶᠢᠨ︾ ᠭᠡᠵᠦ ᠬᠠᠶᠢᠷᠬᠠᠨ | ᠲᠠᠨᠢᠯᠴᠠᠭᠤᠯᠤᠨ᠎ᠠ᠃ ᠲᠡᠷᠡ ᠪᠠᠷ ᠦᠬᠡᠷ ᠤᠨ ᠰᠦᠷᠦᠭ ᠢᠶᠠᠨ ᠰᠢᠯᠢᠳᠡᠭᠵᠢᠭᠦᠯᠬᠦ ᠠᠵᠢᠯ ᠢ ᠬᠢᠨᠠᠮᠠᠭᠠᠢ ᠬᠢᠵᠦ᠂ | ᠦᠬᠡᠷ ᠤᠨ ᠢᠶᠠᠨ ᠡᠭᠦᠯᠳᠡᠷ᠂ ᠲᠡᠵᠢᠭᠡᠭᠰᠡᠨ ᠬᠤᠭᠤᠴᠠᠭ᠎ᠠ᠂ ᠡᠳᠦᠷ ᠪᠦᠷᠢ ᠶᠢᠨ ᠬᠦᠨᠳᠦ ᠶᠢᠨ ᠬᠡᠮᠵᠢᠶ᠎ᠡ ᠵᠡᠷᠭᠡ ᠶᠢ | ᠨᠠᠷᠢᠨ ᠲᠡᠮᠳᠡᠭᠯᠡᠵᠦ᠂ ᠳᠠᠩᠰᠠ ᠡᠪᠬᠡᠮᠡᠯ ᠪᠠᠶᠢᠭᠤᠯᠤᠨ᠂ ᠦᠬᠡᠷ ᠲᠤ ᠪᠠᠨ ᠡᠯᠧᠺᠲᠷᠣᠨ ᠬᠦᠵᠦᠭᠦᠪᠴᠢ ᠵᠡᠭᠦᠯᠭᠡᠵᠡᠢ᠃ | ᠳᠡᠭᠡᠲᠦ ᠱᠠᠲᠤᠨ ᠠᠴᠠ ᠪᠠᠰᠠ ᠮᠠᠯᠴᠢᠳ ᠲᠤ GPS ᠳᠠᠭᠠᠭᠤᠯᠢ ᠣᠳᠣ ᠪᠠᠷ ᠪᠠᠶᠢᠷᠢᠰᠢᠯ ᠲᠤᠭᠲᠠᠭᠠᠬᠤ | ᠳᠥᠬᠦᠭᠡᠷᠦᠮᠵᠢ ᠲᠠᠷᠬᠠᠭᠠᠭᠰᠠᠨ ᠪᠣᠯᠬᠤᠷ ᠬᠠᠷᠢᠬᠠᠨ ᠤ ᠬᠢᠨ ᠦᠬᠡᠷ ᠤᠨ ᠰᠦᠷᠦᠭ ᠢᠶᠠᠨ ᠬᠢᠨᠠᠨ ᠡᠵᠡᠮᠳᠡᠬᠦ ᠳᠤ ᠨᠡᠩ | ᠳᠥᠭᠦᠮ ᠪᠤᠯᠤᠭᠰᠠᠨ ᠪᠠᠶᠢᠨ᠎ᠠ᠃ | ᠮᠠᠯᠴᠢᠳ ᠲᠤ ᠪᠠᠨ ᠡᠯ᠎ᠡ ᠲᠠᠯ᠎ᠠ ᠶᠢᠨ ᠦᠢᠯᠡᠴᠢᠯᠡᠭᠡ ᠬᠠᠩᠭᠠᠨ᠎ᠠ | ᠡᠨᠡ ᠵᠤᠨ ᠤ 7 ᠰᠠᠷ᠎ᠠ ᠠᠴᠠ ᠡᠬᠢᠯᠡᠨ ᠬᠠᠶᠢᠷᠬᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠪᠠᠨ ᠤᠶᠢᠷ᠎ᠠ | ᠬᠠᠪᠢ ᠶᠢᠨ ᠮᠠᠯᠴᠢᠳ ᠤᠨ ᠮᠢᠬᠠᠨ ᠤ ᠦᠬᠡᠷ ᠢ ᠨᠠᠶᠢᠳᠠᠨ ᠬᠠᠮᠢᠶᠠᠷᠴᠤ ᠤᠷᠣᠯᠠᠨ ᠲᠡᠵᠢᠭᠡᠬᠦ ᠦᠢᠯᠡᠴᠢᠯᠡᠭᠡ ᠬᠠᠩᠭᠠᠵᠤ᠂ | ᠲᠠᠷᠠᠬᠠᠢ ᠪᠤᠲᠠᠷᠬᠠᠢ ᠪᠠᠶᠢᠭ᠎ᠠ ᠮᠠᠯᠵᠢᠬᠤ ᠤᠷᠤᠨ ᠤ ᠮᠢᠬᠠᠨ ᠤ ᠦᠬᠡᠷ ᠤᠨ ᠡᠬᠢ ᠪᠠᠶᠠᠯᠢᠭ ᠢ ᠨᠡᠶᠢᠯᠡᠭᠦᠯᠵᠦ᠂ | ᠭᠠᠩ ᠤᠨ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠡᠵᠢᠭᠡᠨ ᠠᠷᠠᠴᠢᠯᠠᠬᠤ ᠥᠪᠡᠷ ᠤᠨ | ᠥᠷᠲᠡᠭ ᠢ ᠪᠠᠭᠤᠷᠠᠭᠤᠯᠬᠤ ᠪᠠᠷ ᠠᠵᠢᠯᠯᠠᠵᠡᠢ᠃ ᠬᠠᠶᠢᠷᠬᠠᠨ᠄ ︽ ᠵᠣᠨ ᠤ ᠡᠬᠢᠨ ᠳᠤ ᠮᠠᠨ ᠤ ᠬᠢᠨ ᠢᠶᠠᠷ ᠭᠠᠩᠳᠠᠵᠤ᠂ | ᠨᠠᠶᠢᠳᠠᠨ ᠬᠠᠮᠢᠶᠠᠷᠤᠭᠤᠯᠵᠤ ᠤᠷᠤᠯᠠᠨ ᠲᠡᠵᠢᠭᠡᠬᠦ ᠦᠢᠯᠡᠴᠢᠯᠡᠭᠡ ᠪᠠᠨ ᠡᠬᠢᠯᠡᠭᠦᠯᠦᠨ᠂ ᠬᠤᠶᠠᠷ ᠠᠶᠢᠯ ᠤᠨ 40 | ᠭᠠᠷᠤᠢ ᠦᠬᠡᠷ ᠢ ᠲᠡᠵᠢᠭᠡᠵᠡᠢ︾ ᠭᠡᠯᠡ᠃ | ᠤᠳᠤᠬᠠᠨ ᠳᠤ ᠬᠠᠶᠢᠷᠬᠠᠨ ᠪᠠᠰᠠ ᠬᠡᠳᠦᠨ ᠵᠠᠯᠠᠭᠤᠴᠤᠳ ᠲᠠᠢ ᠪᠠᠨ ᠪᠠᠶᠠᠨᠲᠤᠭ ᠰᠤᠮᠤᠨ ᠤ ᠵᠠᠯᠠᠭᠤᠴᠤᠳ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠪᠠᠶᠢᠭᠤᠯᠤᠨ᠂ ᠰᠤᠮᠤᠨ ᠤ ᠪᠠᠨ ᠬᠡᠪᠴᠢᠶᠡᠨ ᠳᠤ ᠮᠠᠯᠵᠢᠬᠤ | ᠡᠷᠦᠬᠡ ᠳᠤ ᠡᠬᠡ ᠮᠠᠯ ᠤᠨ B ᠬᠡᠲᠦ ᠳᠤᠯᠬᠢᠶᠠᠨ ᠤ ᠪᠠᠶᠢᠴᠠᠭᠠᠯᠲᠠ ᠬᠢᠬᠦ᠂ ᠭᠠᠷ ᠬᠡᠭᠡᠯᠳᠦᠭᠦᠯᠭᠡ ᠬᠢᠬᠦ᠂ ᠦᠬᠡᠷ ᠤᠨ | ᠡᠪᠡᠷ ᠠᠪᠬᠤ᠂ ᠵᠥᠭᠡᠭᠡᠪᠦᠷᠢ ᠶᠢᠨ ᠠᠵᠢᠯ ᠵᠡᠷᠭᠡ ᠤᠯᠠᠨ ᠲᠠᠯ᠎ᠠ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ ᠡᠭᠦᠪᠡᠷ | ᠪᠠᠷᠠᠬᠤ ᠦᠭᠡᠢ ᠬᠠᠶᠢᠷᠬᠠᠨ ᠥᠪᠡᠷ ᠤᠨ ᠰᠤᠷᠤᠭᠰᠠᠨ ᠮᠡᠷᠭᠡᠵᠢᠯ ᠢᠶᠠᠨ ᠨᠡᠩ ᠤᠯᠠᠨ ᠬᠦᠮᠦᠨ ᠳᠤ ᠤᠯᠠᠮᠵᠢᠯᠠᠬᠤ ᠪᠠᠷ | ᠢᠴᠡᠬᠡᠯ ᠦᠷ᠎ᠡ ᠶᠢᠨ ᠬᠡᠭᠡᠯᠳᠦᠭᠦᠯᠭᠡ ᠶᠢᠨ ᠪᠤᠯᠪᠠᠰᠤᠷᠠᠯ ᠤᠨ ᠠᠩᠭᠢ ᠡᠷᠬᠢᠯᠡᠵᠦ᠂ ᠲᠡᠭᠦᠨ ᠢ ᠡᠷᠢᠵᠦ ᠢᠷᠡᠬᠦ ᠬᠦᠮᠦᠰ | ᠤᠯᠠᠮ ᠢᠶᠠᠷ ᠤᠯᠠᠰᠢᠷᠠᠭᠰᠠᠨ ᠪᠠᠶᠢᠨ᠎ᠠ᠃ |