ᠭᠠᠷ ᠬᠥᠯ ᠠᠮᠠᠨ ᠤ ᠡᠪᠡᠳᠴᠢᠨ ᠶᠡᠬᠡᠪᠡᠷ ᠦᠷᠪᠢᠰᠦᠨ ᠲᠡᠯᠭᠡᠷᠡᠬᠦ ᠬᠤᠭᠤᠴᠠᠭᠠᠨ ᠳᠤ ᠤᠷᠤᠬᠰᠠᠨ ᠪᠤᠯᠬᠤᠷ ᠬᠡᠦᠬᠡᠳ ᠲᠠᠢ ᠬᠦᠮᠦᠰ ᠡᠷᠭᠡᠪᠰᠢ ᠠᠩᠬᠠᠷᠬᠤ ᠭᠡᠷᠡᠭᠳᠡᠢ︕
ᠨᠡᠶᠢᠲᠡᠯᠡᠭᠰᠡᠨ ᠴᠠᠭ᠄
2024/10/17
   ᠭᠠᠷ ᠬᠥᠯ ᠠᠮᠠᠨ ᠤ ᠡᠪᠡᠳᠴᠢᠨ ᠶᠡᠬᠡᠪᠡᠷ ᠦᠷᠪᠢᠰᠦᠨ ᠲᠡᠯᠭᠡᠷᠡᠬᠦ ᠬᠤᠭᠤᠴᠠᠭᠠᠨ ᠳᠤ ᠤᠷᠤᠪᠠ᠃ ᠡᠶᠢᠮᠦᠷᠬᠦ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ ᠨᠢ 5 ᠨᠠᠰᠤ ᠵᠢᠴᠢ ᠲᠡᠭᠦᠨ ᠠᠴᠠ ᠲᠤᠷᠤᠬᠰᠢᠬᠢ ᠨᠠᠰᠤᠨ ᠤ ᠬᠡᠦᠬᠡᠳ ᠲᠤ ᠡᠭᠦᠰᠳᠡᠭ᠂ ᠡᠨᠡ ᠡᠪᠡᠳᠴᠢᠨ ᠳᠤ ᠬᠡᠦᠬᠡᠳ ᠨᠡᠷᠪᠡᠭᠳᠡᠬᠦ ᠳᠤ ᠬᠦᠷᠪᠡᠯ ᠬᠠᠯᠠᠭᠤᠷᠠᠵᠦ᠂ ᠭᠠᠷ ᠬᠥᠯ ᠦᠭᠡᠵᠡᠭ ᠲᠡᠭᠡᠷ᠎ᠡ ᠨᠢ ᠡᠰᠡᠷᠭᠡᠨ᠎ᠡ ᠭᠠᠷᠴᠤ᠂ ᠠᠮᠠᠨ ᠲᠡᠭᠡᠷ᠎ᠡ ᠨᠢ ᠴᠦᠪᠦᠷᠢᠬᠦᠳᠦ ᠡᠰᠡᠷᠭᠡᠨ᠎ᠡ ᠵᠡᠷᠭᠡ ᠭᠠᠷᠳᠠᠭ᠂ ᠴᠥᠭᠡᠨ ᠲᠣᠭᠠᠨ ᠤ ᠬᠡᠦᠬᠡᠳ ᠨᠢ ᠪᠠᠰᠠ ᠬᠦᠨᠳᠦ ᠡᠪᠡᠳᠴᠢᠨ ᠪᠣᠯᠵᠤ ᠬᠤᠪᠢᠷᠠᠨ᠂ ᠮᠡᠳᠡᠷᠡᠯ ᠤᠨ ᠰᠢᠰᠲ᠋ᠧᠮ ᠤᠨ ᠳᠠᠪᠬᠤᠴᠠᠭᠰᠠᠨ ᠡᠪᠡᠳᠴᠢᠨ ᠪᠤᠯᠬᠤ ᠪᠤᠶᠤ ᠣᠯᠠᠨ ᠡᠷᠬᠡᠲᠡᠨ ᠨᠢ ᠮᠠᠭᠤᠳᠠᠵᠤ ᠲᠤᠷᠦ᠋ᠢᠳᠠᠳᠠᠭ᠂ ᠨᠡᠩ ᠬᠦᠨᠳᠦ ᠨᠣᠴᠢᠲᠠᠶ ᠨᠢ ᠴᠢᠨᠠᠭᠰᠢᠯᠠᠨ ᠦᠬᠦᠳᠡᠭ ᠪᠠᠶᠢᠨ᠎ᠠ᠃ ᠰᠤᠷᠭᠠᠭᠤᠯᠢ᠂ ᠬᠡᠤᠬᠡᠳ ᠰᠠᠭᠠᠲᠠᠭᠤᠯᠬᠤ ᠪᠠᠶᠢᠭᠤᠯᠤᠮᠵᠢ᠂ ᠬᠡᠤᠬᠡᠳ ᠤᠨ ᠵᠤᠭ᠎ᠠ ᠴᠡᠩᠭᠡᠯ ᠤᠨ ᠲᠠᠯᠠᠪᠤᠷ ᠵᠡᠷᠭᠡ ᠬᠥᠮᠦᠨ ᠬᠠᠷ᠎ᠠ ᠬᠤᠷᠠᠵᠦ ᠴᠤᠬᠯᠠᠷᠠᠳᠠᠭ ᠭᠠᠵᠠᠷ ᠲᠤ ᠴᠤᠭᠯᠠᠷᠠᠯ ᠤᠨ ᠴᠢᠨᠠᠷᠲᠠᠶ ᠬᠢᠵᠢᠭ ᠡᠭᠦᠰᠬᠦ ᠲᠦᠭᠰᠢᠭᠦᠷᠢ ᠨᠡᠯᠢᠶᠡᠳ ᠥᠨᠳᠥᠷ ᠪᠠᠶᠢᠭ᠎ᠠ ᠪᠤᠯᠬᠤᠷ ᠬᠡᠷ ᠤᠨ ᠠᠬᠠᠮᠠᠳ ᠪᠣᠯᠤᠨ ᠪᠠᠭᠰᠢ ᠨᠠᠷ ᠡᠷᠬᠡᠪᠰᠢ ᠬᠡᠤᠬᠡᠳ ᠤᠨ ᠭᠠᠷ᠂ ᠬᠦᠯ᠂ ᠠᠮᠠ ᠵᠡᠷᠭᠡ ᠭᠠᠵᠠᠷ ᠤᠨ ᠡᠪᠡᠳᠴᠢᠨ ᠤ ᠢᠯᠡᠷᠡᠯ ᠰᠢᠨᠵᠢ ᠶᠢ ᠢᠯᠡᠭᠦᠬᠡᠨ ᠠᠩᠬᠠᠷᠬᠤ ᠭᠡᠷᠡᠭᠳᠡᠢ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号