︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ 2024 ᠣᠨ ᠤ 10 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 15 ᠤ | ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠠᠪᠠᠭ᠎ᠠ ᠬᠤᠰᠢᠭᠤᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠦᠷᠨᠢᠬᠦᠯᠤᠨ᠎ᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ᠂ ᠨᠠᠮ ᠤᠨ ᠲᠥᠪ ᠬᠤᠷᠢᠶ᠎ᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ᠂ ᠺᠠᠳ᠋ᠷ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠤᠨ ᠲᠣᠭᠤᠷᠢᠨ ᠳᠤ ᠬᠢᠨᠠᠯᠲᠠ ᠲᠠᠯᠪᠢᠵᠤ᠂ | ᠭᠤᠤᠯᠳᠠᠭᠤ ᠠᠪᠠᠭ᠎ᠠ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ | ᠳᠣᠤᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠪᠠ ᠴᠢᠬᠤᠯᠠ | ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ | ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠳᠤ ᠪᠠᠨ ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ | ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ | ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ | ᠢᠯᠡᠴᠢᠯᠡᠨ ᠮᠡᠳᠡᠬᠦᠯᠬᠦ ᠪᠠ ᠪᠠᠶᠢᠳᠠᠯ ᠢ ᠬᠦᠯᠢᠶᠡᠨ ᠠᠪᠴᠦ ᠰᠢᠢᠳᠪᠦᠷᠢᠯᠡᠬᠦ ᠪᠣᠯᠤᠨ᠎ᠠ᠃ ᠲᠣᠭᠤᠷᠢᠨ | ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ | ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ | ᠤᠲᠠᠰᠤ ᠲᠣᠬᠢᠷᠠᠭᠤᠯᠪᠠ᠄ 0479 - 2021456᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ | 8᠄ 00 ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ 0046 ᠳ᠋ᠤᠭᠠᠷ ᠨᠣᠮᠧᠷᠲᠤ | ᠰᠢᠤᠳᠠᠨ ᠤ ᠵᠠᠬᠢᠳᠠᠯ ᠤᠨ ᠬᠠᠶᠢᠷᠴᠠᠭ︔ ᠢᠮᠧᠯ᠄ DWXSABGQ@163.com᠃ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠠᠪᠠᠭ᠎ᠠ ᠬᠤᠰᠢᠭᠤᠨ ᠤ ᠲᠠᠩᠰᠠ | ᠡᠪᠬᠡᠮᠡᠯ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠬᠦᠯᠢᠶᠡᠨ ᠠᠪᠬᠤ ᠲᠠᠰᠤᠭ ︵ᠵᠡᠭᠦᠨ ᠲᠠᠯ᠎ᠠ ᠶᠢᠨ ᠨᠢᠭᠡᠳᠦᠭᠡᠷ | ᠥᠷᠥᠭᠡ︶᠃ ᠡᠭᠦᠨ ᠤ ᠬᠠᠮᠲᠤ᠂ ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠬᠤᠸᠠ ᠷᠠᠨ ᠪᠠᠭᠤᠳᠠᠯ ᠤᠨ | ᠬᠤᠶᠢᠲᠤ ᠡᠭᠦᠳᠡᠨ ᠤ ᠵᠡᠭᠦᠨ ᠲᠠᠯ᠎ᠠ᠂ ᠠᠪᠠᠭ᠎ᠠ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ ᠬᠤᠶᠢᠲᠤ | ᠡᠭᠦᠳᠡᠨ ᠤ ᠵᠡᠭᠦᠨ ᠲᠠᠯ᠎ᠠ ︵ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠡᠭᠦᠳᠡ︶᠂ ᠠᠪᠠᠭ᠎ᠠ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠮᠦᠨ᠎ᠡ ᠡᠭᠦᠳᠡᠨ ᠤ ᠵᠡᠭᠦᠨ ᠲᠠᠯ᠎ᠠ ᠶᠢᠨ 10 | ᠮᠧᠲᠷ ᠲᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠰᠠᠷ᠎ᠠ ᠶᠢᠨ 10 ᠤ ᠡᠳᠦᠷ | ᠪᠣᠯᠲᠠᠯ᠎ᠠ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠠᠷᠭ᠎ᠠ | ᠮᠠᠶ᠋ᠢᠭ ᠢᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠣᠳᠠᠳᠠᠢ ᠪᠠᠶᠢᠳᠠᠯ ᠢᠶᠠᠨ ᠲᠤᠰᠬᠠᠬᠤ ᠶᠢ ᠬᠦᠰᠠᠶ᠎ᠠ︕ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠲᠣᠭᠤᠷᠢᠨ ᠪᠠᠢᠴᠠᠭᠠᠬᠤ ᠳᠤᠭᠤᠢᠯᠠᠩ | 2024 ᠣᠨ ᠤ 10 ᠰᠠᠷ᠎ᠠ ᠶᠢᠨ 15 ᠤ ᠡᠳᠦᠷ |