ᠠᠪᠠᠭ᠎ᠠ ᠬᠤᠰᠢᠭᠤ ᠠᠶᠤᠯᠬᠦᠢ ᠦᠢᠯᠡᠳᠪᠦᠷᠢᠯᠡᠯ ᠤᠨ ᠲᠤᠰᠬᠠᠢ ᠰᠡᠳᠤᠪᠳᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
   10 ᠰᠠᠷ᠎ᠠ ᠶᠢᠨ 22 ᠤᠨ ᠡᠳᠦᠷ᠂ ᠬᠤᠰᠢᠭᠤ ᠵᠠᠰᠠᠭ ᠤᠨ ᠣᠷᠳᠣᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠡᠯ᠎ᠡ ᠬᠤᠰᠢᠭᠤ ᠲᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠤᠭᠤᠷᠢᠨ ᠳᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠤᠣᠯ ᠰᠢᠵᠢᠮ ᠪᠣᠯᠭᠠᠵᠤ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠭᠠᠯ ᠰᠡᠷᠭᠡᠶᠢᠯᠡᠬᠦ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠠᠶᠤᠯᠲᠠᠢ ᠬᠢᠮᠢ ᠶᠢᠨ ᠪᠣᠳᠠᠰ ᠪᠣᠯᠤᠨ ᠬᠤᠸᠠᠷ ᠫᠤᠤᠵᠢᠩ᠂ ᠵᠠᠮ ᠬᠠᠷᠢᠯᠴᠠᠭ᠎ᠠ᠂ ᠬᠤᠷᠢᠭ᠎ᠠ ᠲᠠᠢ ᠣᠷᠣᠨ  ᠵᠠᠢ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠬᠠᠷᠢᠶ᠎ᠠ ᠲᠤᠭᠤᠷᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠳᠡᠭᠡᠳᠦ ᠱᠠᠲᠤᠨ ᠤ ᠱᠠᠭᠠᠷᠳᠠᠯᠭ᠎ᠠ ᠪᠣᠯᠤᠨ ᠨᠢᠭᠡᠨᠲᠡ ᠲᠣᠭᠲᠠᠭᠠᠭᠰᠠᠨ ᠲᠥᠰᠦᠯ ᠶᠣᠰᠣᠭᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠡᠳ᠋ ᠪᠣᠳᠠᠰ ᠤᠨ ᠨᠥᠭᠡᠴᠡ ᠪᠣᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠭᠠᠯ ᠲᠦᠢᠮᠡᠷ ᠭᠠᠷᠬᠤ ᠢ ᠰᠡᠷᠭᠡᠶᠢᠯᠡᠬᠦ ᠪᠠᠷ ᠬᠠᠷᠠᠯᠲᠠ ᠪᠣᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃    ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号