ᠠᠪᠠᠭ᠎ᠠ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ︽12345︾ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
   10 ᠰᠠᠷ᠎ᠠ ᠶᠢᠨ 21 ᠤ ᠡᠳᠦᠷ᠂ ᠠᠪᠠᠭ᠎ᠠ ᠬᠤᠰᠢᠭᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ︽12345︾ ᠬᠠᠯᠠᠮᠰᠢᠯ ᠤᠲᠠᠰᠤ ᠶᠢᠨ ᠠᠵᠢᠯ ᠢ ᠠᠬᠢᠭᠤᠯᠬᠤ ᠬᠤᠷᠠᠯ  ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠ ︽12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠭᠧ ᠶᠦᠩ ᠵᠢᠶᠦ᠋ᠨ ᠬᠤᠷᠠᠯ ᠡᠷᠭᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠨᠢᠭᠡ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠰᠠᠭᠤᠷᠢ ᠪᠣᠯᠤᠨ᠎ᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠤ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠴᠢᠬᠤᠯᠠ ᠲᠠᠪᠴᠠᠩ ᠪᠣᠯᠤᠨ᠎ᠠ᠂ ᠨᠡᠩ ᠴᠤ ᠵᠠᠰᠠᠭ ᠤᠨ ᠣᠷᠳᠣᠨ ᠤ ᠲᠦᠷᠢ ᠲᠥᠷᠬᠦ ᠶᠢ ᠪᠤᠢ ᠪᠣᠯᠭᠠᠬᠤ᠂ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠴᠢᠶᠠᠯᠠᠪᠤᠷᠢ ᠪᠣᠯᠤᠨ᠎ᠠ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠷᠭᠤᠭᠠᠨ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠨᠵᠡᠭᠡᠶ ᠲᠠᠨᠢᠵᠤ᠂ ᠨᠠᠩ ᠪᠣᠳᠠᠲᠠᠶ ᠶᠢ ᠡᠷᠬᠢᠮᠯᠡᠬᠦ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃ ᠪᠦᠬᠦ ᠬᠤᠰᠢᠭᠤ ᠪᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠭᠠᠷ ᠭᠦᠢᠴᠡᠳᠬᠡᠯ ᠢ ᠭᠦᠢᠴᠡᠳᠬᠡᠬᠦ᠂ ᠮᠠᠯᠴᠢᠨ ᠪᠠ ᠠᠵᠤ ᠠᠬᠤᠶᠢᠯᠠᠯ ᠤᠨ ᠵᠦᠷᠢᠴᠡᠯ ᠵᠢᠭᠤᠷᠠᠭᠠᠨ ᠢ ᠵᠣᠬᠢᠴᠠᠭᠤᠯᠬᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠦᠨᠡᠨᠬᠦ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠰᠠᠶᠢᠲᠤᠷ ᠠᠳᠬᠤᠬᠤ ᠬᠡᠷᠡᠭᠲᠡᠢ᠃ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠴᠢᠩᠭ᠎ᠠ ᠰᠢᠢᠳᠪᠦᠷᠢᠯᠡᠬᠦ ︽ᠳᠥᠷᠪᠡᠨ ᠨᠣᠷᠮ᠎ᠠ︾ ᠶᠢᠨ ᠱᠠᠭᠠᠷᠳᠠᠯᠭ᠎ᠠ ᠶᠣᠰᠣᠭᠠᠷ᠂ ᠲᠤᠷᠰᠢᠯᠭ᠎ᠠ ᠪᠠᠨ ᠳ᠋ᠦᠩᠨᠡᠵᠦ᠂ ᠲᠦᠪᠡᠭᠳᠡᠢ ᠠᠰᠠᠭᠤᠳᠠᠯ ᠢ ᠰᠢᠢᠳᠪᠤᠷᠢᠯᠡᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠣᠯᠠᠨ ᠲᠦᠮᠡᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃    ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号