ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠪᠠᠭ᠎ᠠ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/10/30
    ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠨ᠂ ︽ᠭᠠᠯ ᠤᠨᠲᠠᠷᠠᠭᠠᠬᠤ ᠶᠢ ᠣᠶᠢᠯᠠᠭᠠᠬᠤ᠂ ᠭᠠᠯ ᠤᠨᠲᠠᠷᠠᠭᠠᠵᠤ ᠴᠢᠳᠠᠬᠤ︾ ᠬᠡᠤᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠢ ᠬᠥᠮᠦᠵᠢᠭᠦᠯᠬᠦ ᠶᠢᠨ ᠲᠤᠰᠠᠳᠠ᠂ 10 ᠰᠠᠷ᠎ᠠ ᠶᠢᠨ 22 ᠤᠨ ᠡᠳᠦᠷ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠪᠠᠭ᠎ᠠ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ ᠲᠤ ᠬᠦᠷᠴᠦ᠂ ᠭᠠᠯ ᠤᠨᠲᠠᠷᠠᠭᠠᠬᠤ ᠮᠡᠳᠡᠯᠭᠡ᠂ ᠳᠡᠭᠡᠳᠦ ᠲᠡᠰ ᠤᠨ ᠨᠠᠷᠢᠯᠢᠭ᠂ ᠣᠷᠦ᠋ᠢᠯᠠᠭᠰᠠᠨ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ᠂ ︽ᠭᠠᠶᠢᠬᠠᠯᠳᠡᠢ︾ ᠭᠠᠯ ᠤᠨᠲᠠᠷᠠᠭᠠᠬᠤ ᠠᠵᠢᠯ ᠢ ᠲᠠᠶᠢᠯᠪᠤᠷᠢᠯᠠᠨ ᠶᠠᠷᠢᠵᠤ᠂ ᠬᠡᠤᠬᠡᠳ ᠤᠳ ᠤᠨ ᠲᠤᠷ᠎ᠡ ᠰᠤᠨᠢᠷᠬᠠᠯ ᠢ ᠶᠡᠬᠡᠳᠡ ᠲᠠᠳᠠᠵᠤ᠂ ᠰᠤᠷᠭᠠᠭᠤᠯᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠰᠡᠳᠦᠪᠲᠦ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠠᠮᠵᠢᠯᠳᠠ ᠲᠠᠢ ᠦᠷᠨᠢᠬᠦᠯᠪᠠ᠃     ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠲᠢᠩᠬᠢᠮ ᠨᠢ ᠬᠠᠯᠠᠭᠤᠨ ᠳᠣᠲᠣᠨᠣᠰᠤᠭ ᠪᠥᠭᠡᠳ ᠰᠣᠨᠢᠷᠬᠠᠯᠲᠠᠢ ᠪᠠᠢᠵᠤ᠂ ᠭᠠᠵᠠᠷ ᠪᠣᠯᠭᠠᠨ ᠳᠤ ᠭᠠᠯ ᠤᠨᠲᠠᠷᠠᠭᠠᠬᠤ ᠮᠡᠳᠡᠯᠭᠡ ᠶᠢᠨ ᠵᠢᠷᠤᠭ ᠪᠣᠯᠤᠨ ᠤᠷᠢᠶ᠎ᠠ ᠨᠠᠭᠠᠵᠤ᠂ ᠭᠠᠯ ᠤᠨᠲᠠᠷᠠᠭᠠᠭᠴᠢ ᠠᠪᠠᠭ᠎ᠠ ᠠᠮᠢᠳᠤᠯᠢᠭ ᠪᠥᠭᠡᠳ ᠰᠣᠨᠢᠷᠬᠠᠯᠲᠠᠶ ᠺᠠᠷᠲ᠋ᠣᠨ ᠵᠢᠷᠤᠭ ᠢᠶᠠᠷ ᠳᠠᠮᠵᠢᠭᠤᠯᠤᠨ᠂ ᠬᠡᠦᠬᠡᠳ ᠲᠤ ᠭᠠᠯ ᠤᠨ ᠠᠶᠤᠯ ᠤᠨ ᠬᠤᠤᠷ ᠬᠥᠨᠥᠭᠡᠯ ᠪᠠ ᠡᠭᠦᠰᠦᠭᠰᠡᠨ ᠰᠢᠯᠲᠠᠭᠠᠨ ᠢ ᠲᠠᠨᠢᠯᠴᠠᠭᠤᠯᠪᠠ᠃ ᠭᠠᠯ ᠤᠨ ᠠᠶᠤᠯ ᠢ ᠬᠡᠷᠬᠢᠨ ᠰᠡᠷᠬᠡᠶᠢᠯᠡᠬᠦ᠂ 119 ᠤ ᠬᠡᠷᠡᠭ ᠮᠡᠳᠡᠭᠦᠯᠬᠦ ᠤᠲᠠᠰᠤ ᠶᠢ ᠬᠡᠷᠬᠢᠨ ᠵᠥᠪ ᠤᠲᠠᠰᠤᠳᠠᠬᠤ ᠵᠢᠴᠢ ᠭᠠᠯ ᠤᠨ ᠠᠶᠤᠯ ᠤᠨ ᠳᠤᠮᠳᠠ ᠠᠮᠢ ᠵᠢᠭᠤᠲᠠᠬᠤ ᠵᠡᠷᠭᠡ ᠴᠢᠬᠤᠯᠠ ᠮᠡᠳᠡᠯᠭᠡ ᠤᠳ ᠢ ᠦᠢᠯᠠᠭᠠᠭᠤᠯᠵᠤ᠂ ᠬᠡᠦᠬᠡᠳ ᠤᠳ ᠢᠳᠡᠪᠬᠢᠲᠡᠶ ᠪᠠᠷ ᠭᠠᠷ ᠡᠷᠭᠦᠨ ᠠᠰᠠᠭᠤᠯᠳᠠ ᠲᠠᠯᠪᠢᠵᠤ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠯ᠎ᠠ᠃     ᠲᠣᠰ ᠤᠳᠠᠭᠠᠨ ᠤ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠬᠡ ᠶᠢ ᠬᠡᠤᠬᠡᠳ ᠤᠳ ᠲᠤ ᠰᠠᠶᠢᠳᠤᠷ ᠲᠠᠶᠢᠯᠪᠤᠷᠢᠯᠡᠨ ᠴᠡᠴᠡᠷᠯᠢᠭ ᠲᠤ ᠰᠠᠴᠤᠵᠤ᠂ ᠬᠡᠤᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠤᠨ ᠭᠠᠯ ᠤᠨᠲᠠᠷᠠᠭᠠᠬᠤ ᠬᠡᠪ ᠪᠣᠯᠪᠠᠰᠤᠷᠠᠯ ᠢ ᠬᠥᠮᠦᠵᠢᠭᠦᠯᠵᠦ᠂ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠤᠨ᠂ ᠰᠡᠷᠬᠡᠶᠢᠯᠡᠨ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠰᠤᠷᠤᠯᠴᠠᠬᠤ ᠨᠤᠷᠮ᠎ᠠ ᠵᠤᠷᠢᠭ ᠢ ᠬᠥᠭᠵᠢᠭᠡᠵᠦ᠂ ︽ᠨᠢᠭᠡ ᠬᠡᠦᠬᠡᠳ ᠢ ᠰᠤᠷᠭᠠᠨ ᠬᠥᠮᠦᠵᠢᠭᠦᠯᠵᠦ᠂ ᠨᠢᠭᠡ ᠭᠡᠷ ᠪᠦᠯᠢ ᠶᠢ ᠳᠠᠶᠢᠴᠢᠯᠠᠨ᠂ ᠪᠦᠬᠦ᠋ᠢᠯᠡ ᠨᠡᠶᠢᠭᠡᠮ ᠢ ᠨᠥᠯᠥᠭᠡᠯᠡᠬᠦ︾ ᠵᠣᠷᠢᠯᠭ᠎ᠠ ᠳᠤ ᠬᠦᠷᠴᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号