ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠲᠤᠭᠤᠷᠢᠭ ᠤᠨ ᠮᠠᠰᠢᠨ ᠲᠡᠷᠭᠡ ᠰᠡᠯᠪᠢᠨ ᠵᠠᠰᠠᠬᠤ ᠲᠠᠯᠠᠪᠤᠷ ᠲᠠᠢ ᠭᠠᠯ ᠤᠨᠲᠠᠷᠠᠭᠠᠬᠤ ᠠᠮᠤᠷ ᠲᠦᠪᠰᠢᠨ ᠤ ᠪᠣᠯᠵᠣᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/11/14
   ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠠᠨᠢᠯᠲᠠ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠨᠳᠦ ᠶᠡᠭᠡ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠪᠥᠬᠦ ᠠᠶᠢᠮᠠᠭ ᠤᠨ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 31 ᠤ ᠡᠳᠦᠷ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠬᠠᠮᠲᠤᠷᠠᠨ ᠬᠠᠷᠢᠶᠠᠲᠤ ᠲᠤᠭᠤᠷᠢᠭ ᠤᠨ ᠮᠠᠰᠢᠨ ᠲᠡᠷᠭᠡ ᠰᠡᠯᠪᠢᠨ ᠵᠠᠰᠠᠬᠤ 36 ᠲᠠᠯᠠᠪᠤᠷ ᠭᠠᠵᠠᠷ ᠤᠨ ᠭᠤᠤᠯᠳᠠᠯᠭ᠎ᠠ ᠲᠠᠢ ᠨᠢᠭᠡᠴᠡ ᠶᠢ ᠵᠣᠬᠢᠶᠠᠨ ᠪᠠᠶᠢᠭᠤᠯᠵᠤ ᠪᠥᠬᠦ ᠠᠶᠢᠮᠠᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠰᠡᠷᠭᠡᠶᠢᠯᠡᠬᠦ ᠬᠢᠨᠠᠯᠲᠠ ᠲᠠᠯᠪᠢᠭᠴᠢ ᠠᠴᠠ ᠭᠤᠣᠯᠳᠠᠯᠭ᠎ᠠ ᠲᠠᠢ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠵᠦ᠂ ᠬᠠᠷᠢᠶ᠎ᠠ ᠲᠤᠭᠤᠷᠢᠭ ᠤᠨ ᠡᠯ᠎ᠡ ᠭᠤᠣᠯᠳᠠᠯᠭ᠎ᠠ ᠲᠠᠢ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠵᠢᠯᠲᠠᠨ ᠠᠵᠢᠯᠴᠢᠨ ᠤ ᠬᠥᠮᠦᠵᠢᠯ ᠪᠣᠯᠪᠠᠰᠤᠷᠠᠯ᠂ ᠭᠠᠯ ᠤᠨᠲᠠᠷᠠᠭᠠᠬᠤ ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠭᠲᠠ ᠵᠠᠳᠠᠯᠤᠨ ᠲᠣᠳᠣᠷᠬᠠᠶᠢᠯᠠᠵᠤ᠂ ᠬᠠᠮᠢᠶ᠎ᠠ ᠪᠦᠬᠦᠢ ᠨᠢᠭᠡᠴᠡ ᠶᠢ ᠬᠠᠪᠰᠤᠷᠤᠨ ᠵᠦᠶ ᠵᠣᠬᠢᠰᠲᠠᠶ ᠰᠠᠨᠠᠭᠤᠯᠭ᠎ᠠ ᠳᠤᠷᠠᠳᠴᠤ᠂ ᠭᠠᠯ ᠤᠨ ᠠᠶᠤᠯ ᠤᠨ ᠳᠠᠯᠳᠠ ᠭᠡᠮ ᠤᠨ ᠠᠰᠠᠭᠤᠳᠠᠯ ᠢ ᠪᠦᠬᠦ ᠲᠠᠯ᠎ᠠ ᠪᠠᠷ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ᠡᠯ᠎ᠡ ᠭᠤᠣᠯᠳᠠᠯᠭ᠎ᠠ ᠲᠠᠢ ᠨᠢᠭᠡᠴᠡ ᠶᠢ ᠬᠠᠪᠰᠤᠷᠤᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠨᠢᠭᠲᠠ ᠠᠷᠭ᠎ᠠ ᠬᠡᠮᠵᠢᠶ᠎ᠡ ᠪᠠ ᠲᠥᠯᠥᠪᠯᠡᠭᠡ ᠶᠢ ᠲᠣᠭᠲᠠᠭᠠᠪᠠ᠃    ᠬᠠᠮᠤᠭ ᠤᠨ ᠰᠡᠭᠦᠯ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠭᠠᠯ ᠤᠨ ᠭᠠᠮᠰᠢᠭ ᠤᠨ ᠳᠠᠯᠳᠠ ᠬᠡᠮ ᠤᠨ ᠠᠰᠠᠭᠤᠳᠠᠯ ᠳᠤ ᠮᠡᠷᠭᠡᠵᠢᠯ ᠪᠠ ᠲᠥᠷᠥ ᠶᠢᠨ ᠪᠣᠳᠣᠯᠭ᠎ᠠ ᠶᠢᠨ ᠲᠠᠯ᠎ᠠ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠬᠦᠩᠭᠡᠨ ᠬᠠᠭᠤᠳᠠᠮ᠂ ᠬᠠᠰᠢ ᠶᠠᠰᠢ ᠪᠠᠷ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠵᠡᠷᠭᠡ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠥᠬᠡᠶ︾ ᠣᠪᠣᠷ ᠢ ᠪᠠᠷᠢᠮᠲᠠᠯᠠᠨ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠠᠵᠤ ᠠᠬᠤᠶᠢᠯᠠᠯ ᠳᠤ ᠬᠠᠷᠢᠭᠤᠴᠠᠯᠭ᠎ᠠ ᠨᠡᠬᠡᠮᠵᠢᠯᠡᠵᠦ᠂ ᠶᠠᠮᠠᠷ ᠴᠤ ᠳᠠᠯᠳᠠ ᠬᠡᠮ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ ᠭᠡᠵᠦ ᠢᠯᠡᠳᠬᠡᠪᠡ᠃    ᠲᠣᠰ ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠵᠣᠨ ᠶᠠᠷᠢᠯᠴᠠᠬᠤ ᠬᠤᠷᠠᠯ ᠢᠶᠠᠷ  ᠳᠠᠮᠵᠢᠭᠤᠯᠤᠨ᠂ ᠬᠠᠷᠢᠶᠠᠲᠤ ᠲᠤᠭᠤᠷᠢᠭ ᠤᠨ ᠡᠯ᠎ᠡ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠨᠢᠭᠡᠴᠡ ᠶᠢᠨ ᠭᠠᠯ ᠤᠨ ᠠᠶᠤᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠶᠠᠲᠤ ᠲᠤᠭᠤᠷᠢᠭ ᠤᠨ ᠭᠠᠯ ᠤᠨ ᠠᠶᠤᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号