ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠵᠢᠯᠴᠢᠨ ᠤ ᠶᠡᠷᠦᠩᠬᠡᠶ ᠡᠪᠯᠡᠯ 25 ᠳ᠋ᠤᠭᠠᠷ ︽ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/14
   11 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ 25 ᠳ᠋ᠤᠭᠠᠷ ᠰᠤᠷᠪᠤᠯᠵᠢᠯᠠᠭᠴᠢ ᠶᠢᠨ ᠪᠠᠶᠠᠷ ᠤᠨ ᠡᠨᠡᠬᠦ ᠣᠨᠴᠠᠭᠠᠶ ᠡᠳᠦᠷ ᠳᠤᠬᠢᠶᠠᠯᠳᠤᠭᠤᠯᠤᠨ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠪᠠᠭ᠎ᠠ ᠬᠤᠰᠢᠭᠤᠨ ᠤ ᠠᠵᠢᠯᠴᠢᠨ ᠤ ᠶᠡᠷᠦᠩᠬᠡᠶ ᠨᠢ᠂ ᠬᠤᠰᠢᠭᠤ ᠬᠠᠮ ᠵᠠᠭᠤᠴᠢᠯᠠᠭᠤᠷ ᠤᠨ ᠲᠥᠪ ᠲᠤ ᠬᠦᠷᠴᠦ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠭ᠎ᠠ ᠰᠣᠨᠢᠨ ᠮᠡᠳᠡᠭᠡᠨ ᠤ ᠠᠵᠢᠯᠲᠠᠳ ᠢ ᠲᠤᠬᠤᠨᠢᠭᠤᠯᠵᠤ᠂ ᠬᠠᠯᠠᠭᠤᠨ ᠲᠤᠳᠤᠨᠤ ᠮᠠᠨᠳᠦᠴᠢᠯᠠᠯ ᠢᠶᠠᠨ ᠳᠡᠪᠰᠢᠭᠦᠯᠪᠡ᠃    ᠲᠤᠬᠤᠨᠢᠭᠤᠯᠤᠯ ᠤᠨ ᠠᠵᠢᠯ ᠳᠤᠮᠳᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ ᠨᠠᠷ ᠨᠢᠭᠡᠳᠦᠭᠡᠷ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠳᠤ ᠪᠠᠶᠠᠷ ᠤᠨ ᠡᠳᠦᠷ ᠤᠨ ᠮᠠᠨᠳᠤᠴᠢᠯᠠᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠂ ᠲᠡᠷᠡ ᠵᠢᠭᠠᠵᠤ ᠭᠠᠷᠭᠠᠭᠰᠠᠨ ᠨᠢ᠂ ᠡᠨᠡ ᠬᠦ ᠮᠡᠳᠡᠭᠡ ᠵᠠᠩᠭᠢ ᠶᠢᠨ ᠴᠠᠭ ᠦᠶ᠎ᠡ ᠳᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠤᠯᠠᠮ ᠴᠢᠬᠤᠯᠠ ᠪᠣᠯᠪᠠ᠃ ᠬᠠᠮ ᠵᠠᠭᠤᠴᠢᠯᠠᠭᠤᠷ ᠤᠨ ᠲᠥᠪ ᠨᠢ ᠮᠡᠳᠡᠭᠡ ᠵᠠᠩᠭᠢ ᠶᠢ ᠳᠠᠮᠵᠢᠭᠤᠯᠬᠤ᠂ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠴᠢᠬᠤᠯᠠ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠴᠢᠬᠤᠯᠠ ᠶᠡᠭᠡ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠰᠣᠨᠢᠨ ᠮᠡᠳᠡᠭᠡᠨ ᠤ ᠠᠵᠢᠯᠲᠠᠳ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠠᠮᠵᠢᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠥᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠶᠢᠨ ᠲᠠᠭᠤᠨ ᠢ ᠰᠠᠶᠢᠲᠤᠷ ᠳᠠᠮᠵᠢᠭᠤᠯᠤᠨ᠎ᠠ᠃    ᠬᠠᠮ ᠵᠠᠭᠤᠴᠢᠯᠠᠭᠤᠷ ᠤᠨ ᠲᠥᠪ ᠤᠨ ᠠᠵᠢᠯᠲᠠᠳ ᠠᠴᠠ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠳᠤ ᠣᠷᠣᠯᠴᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃    ᠡᠨᠡ ᠬᠦ ᠰᠤᠷᠪᠤᠯᠵᠢᠯᠠᠭᠴᠢ ᠶᠢᠨ ᠪᠠᠶᠠᠷ ᠤᠨ ᠡᠳᠦᠷ ᠤᠨ ᠲᠣᠬᠤᠨᠢᠭᠤᠯᠤᠯ ᠨᠢ᠂ ᠬᠠᠮ ᠵᠠᠭᠤᠴᠢᠯᠠᠭᠤᠷ ᠤᠨ ᠲᠥᠪ ᠤᠨ ᠠᠵᠢᠯᠲᠠᠨ ᠨᠢᠭᠡᠪᠦᠷᠢ ᠶᠢ ᠤᠷᠮᠠᠰᠢᠭᠤᠯᠤᠨ ᠵᠣᠷᠢᠭᠵᠢᠭᠤᠯᠵᠤ᠂ ᠣᠷᠬᠢᠯᠦᠮ᠎ᠡ ᠬᠠᠯᠠᠭᠤᠨ ᠰᠡᠳᠬᠢᠯᠭᠡ ᠪᠠᠷ ᠦᠷᠭᠦᠯᠵᠢᠯᠡᠨ ᠰᠣᠨᠢᠨ ᠮᠡᠳᠡᠭᠡᠨ ᠤ ᠪᠠᠶᠢᠯᠳᠤᠭᠠᠨ ᠤ ᠱᠤᠭᠤᠮ ᠳᠡᠭᠡᠷ᠎ᠡ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠳᠤ ᠨᠡᠩ ᠭᠡᠷᠡᠯ ᠰᠠᠴᠤᠷᠠᠩᠭᠤᠢ ᠬᠠᠭᠤᠳᠠᠰᠤ ᠪᠢᠴᠢᠭᠯᠡᠬᠦ ᠪᠣᠯᠣᠨ᠎ᠠ᠃    ᠲᠤᠰ ᠡᠳᠦᠷ ᠤᠨ ᠦᠳᠡ ᠶᠢᠨ ᠡᠮᠦᠨ᠎ᠡ᠂ ᠬᠤᠰᠢᠭᠤ ᠲᠠᠷᠢᠶᠠᠯᠠᠩ ᠤᠨ ᠪᠠᠩᠬᠢ ᠠᠴᠠ ᠨᠢᠭᠡᠳᠦᠭᠡᠷ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠢ ᠲᠤᠬᠤᠨᠢᠭᠤᠯᠵᠤ᠂ ᠬᠠᠯᠠᠭᠤᠨ ᠲᠤᠳᠤᠨᠤ ᠮᠠᠨᠳᠦᠴᠢᠯᠠᠯ ᠪᠠ ᠡᠷᠬᠢᠮ ᠲᠡᠭᠡᠲᠦ ᠵᠦᠩᠨᠡᠯ ᠢᠶᠠᠨ ᠳᠡᠪᠰᠢᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号