ᠠᠪᠠᠭ᠎ᠠ ᠬᠤᠰᠢᠭᠤᠨ ᠤ ᠪᠠᠶᠠᠨᠨᠠᠭᠤᠷ ᠠᠴᠠ ᠪᠠᠭ᠎ᠠ ᠳᠠᠷᠠᠰᠤ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠠᠮᠵᠢᠯᠲᠠ ᠲᠠᠢ ᠳᠠᠭᠤᠰᠪᠠ
ᠨᠡᠶᠢᠲᠡᠯᠡᠭᠰᠡᠨ ᠴᠠᠭ᠄
2024/11/14
    10 ᠰᠠᠷ᠎ᠠ ᠶᠢᠨ 31 ᠤ ᠡᠳᠦᠷ᠂ ᠰᠢᠯᠢ ᠶᠢᠨ ᠭᠤᠤᠯ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠠᠮᠤᠭ ᠤᠨ ᠣᠷᠳᠣ ᠡᠯᠡᠰᠦ ᠨᠡᠪᠲᠡᠯᠬᠦ ᠵᠠᠰᠠᠮᠠᠯ ᠵᠠᠮ - ᠠᠪᠠᠭ᠎ᠠ ᠬᠤᠰᠢᠭᠤᠨ ᠤ ᠪᠠᠶᠠᠨᠨᠠᠭᠤᠷ ᠠᠴᠠ ᠪᠠᠭ᠎ᠠ ᠲᠡᠷᠡᠰᠦ ᠬᠥᠷᠬᠦ ᠬᠡᠰᠡᠭ ᠤᠨ ᠵᠠᠰᠠᠮᠠᠯ ᠵᠠᠮ ︵ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠠᠴᠠ ᠰᠢᠯᠤᠭᠤᠨ ᠬᠥᠬᠡ ᠬᠤᠰᠢᠭᠤᠨ ᠤ ᠵᠠᠭᠠᠭ ᠬᠦᠷᠲᠡᠯᠡᠬᠢ ᠵᠠᠰᠠᠮᠠᠯ ᠵᠠᠮ︶ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ 33 ᠺᠢᠯᠦᠮᠧᠲᠷ ᠤᠨ ︽ᠬᠦᠴᠢᠷ ᠪᠡᠷᠬᠡ ᠪᠠᠷᠲᠠᠭ᠎ᠠ︾ ᠡᠯᠡᠰᠦᠨ ᠰᠢᠭᠤᠷᠭ᠎ᠠ ᠰᠢᠭᠤᠷᠠᠭᠰᠠᠨ ᠪᠠᠶᠢᠭᠠᠯᠢ ᠶᠢᠨ ᠵᠠᠮ ᠢ ᠰᠢᠯᠤᠭᠤᠨ ᠴᠠᠷᠳᠠᠮᠠᠯ ᠵᠠᠮ ᠪᠣᠯᠭᠠᠨ ᠪᠠᠶᠢᠭᠤᠯᠵᠤ᠂ ᠴᠠᠭᠠᠨᠨᠠᠭᠤᠷ ᠪᠠᠯᠭᠠᠰᠤ ᠠᠴᠠ ᠰᠢᠯᠤᠭᠤᠨ ᠬᠥᠬᠡ ᠬᠤᠰᠢᠭᠤᠨ ᠤ ᠵᠠᠭᠠᠭ ᠬᠦᠷᠲᠡᠯᠡᠬᠢ ᠨᠡᠪᠲᠡᠷᠡᠬᠦ ᠳᠤ ᠬᠦᠴᠢᠷᠲᠡᠢ ᠵᠠᠮ ᠢ ᠨᠡᠪᠲᠡᠷᠡᠭᠦᠯᠪᠡ᠃ ᠪᠠᠶᠠᠨᠨᠠᠭᠤᠷ ᠠᠴᠠ ᠲᠡᠷᠡᠰᠦ ᠬᠥᠷᠬᠦ ᠬᠡᠰᠡᠭ ᠤᠨ ᠵᠠᠰᠠᠮᠠᠯ ᠵᠠᠮ ︵ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠠᠴᠠ ᠰᠢᠯᠣᠭᠤᠨ ᠬᠥᠬᠡ ᠬᠤᠰᠢᠭᠤ ᠬᠥᠷᠬᠦ ᠵᠠᠭᠠᠭ ᠤᠨ ᠵᠠᠰᠠᠮᠠᠯ ᠵᠠᠮ︶ ᠤᠨ ᠲᠥᠷᠥᠯ ᠵᠦᠢᠯ ᠤᠨ ᠬᠤᠶᠢᠲᠤ ᠲᠠᠯ᠎ᠠ ᠨᠢ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠠᠴᠠ ᠡᠬᠢᠯᠡᠨ᠂ ᠡᠮᠦᠨ᠎ᠡ ᠲᠠᠯ᠎ᠠ ᠪᠠᠷ ᠢᠶᠠᠨ ᠰᠢᠯᠤᠭᠤᠨ ᠬᠥᠬᠡ ᠬᠤᠰᠢᠭᠤᠨ ᠤ ᠵᠢᠭᠠᠰᠤᠲᠠᠢ ᠰᠤᠮᠤ ᠲᠠᠢ ᠵᠠᠯᠭᠠᠯᠳᠤᠵᠤ᠂ ᠶᠡᠷᠦᠩᠬᠡᠶ ᠪᠠᠯᠠ ᠣᠷᠣᠭᠤᠯᠤᠯᠲᠠ ᠨᠢ 5619 ᠲᠦᠮᠡᠨ ᠲᠥᠭᠦᠷᠢᠭ᠂ ᠵᠠᠰᠠᠮᠠᠯ ᠵᠠᠮ ᠤᠨ ᠶᠡᠷᠦᠩᠬᠡᠶ ᠣᠷᠳᠣ ᠨᠢ 33 ᠺᠢᠯᠦᠮᠧᠲᠷ᠂ ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠥᠲᠥᠭᠡᠨ ᠪᠠᠶᠢᠭᠤᠯᠵᠤ᠂ ᠵᠠᠮ ᠤᠨ ᠭᠠᠳᠠᠷᠭᠤ ᠶᠢᠨ ᠥᠷᠭᠡᠨ ᠨᠢ 4.5 ᠮᠧᠲᠷ᠂ ᠪᠠᠷᠤᠭᠰᠢᠨ ᠪᠧᠲ᠋ᠤᠨ ᠤ ᠵᠠᠮ᠂ ᠵᠠᠰᠠᠮᠠᠯ ᠵᠠᠮ ᠨᠢ ᠪᠥᠬᠦ ᠱᠤᠭᠤᠮ ᠢᠶᠠᠷ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠬᠤᠶᠢᠲᠤ ᠬᠥᠪᠡᠭᠡ ᠪᠠᠷ ᠥᠩᠭᠡᠷᠡᠵᠦ᠂ ︽ᠵᠠᠮ ᠢᠶᠠᠷ ᠡᠯᠡᠰᠦ ᠶᠢ ᠵᠠᠰᠠᠬᠤ︾ ᠦᠢᠯᠡᠳᠦᠯᠭᠡ ᠶᠢᠨ ᠲᠥᠷᠥᠯ ᠵᠦᠢᠯ ᠪᠣᠯᠤᠭᠰᠠᠨ ᠪᠠᠶᠢᠨ᠎ᠠ᠃ ᠵᠠᠰᠠᠮᠠᠯ ᠵᠠᠮ ᠪᠠᠶᠢᠭᠤᠯᠤᠭᠳᠠᠵᠤ ᠲᠡᠷᠭᠡ ᠨᠡᠪᠲᠡᠷᠡᠭᠰᠡᠨ ᠤ ᠳᠠᠷᠠᠭ᠎ᠠ᠂ ᠡᠯᠡᠰᠦ ᠶᠢ ᠵᠠᠰᠠᠬᠤ ᠲᠠᠯᠠᠪᠠᠢ ᠨᠢ 8 ᠲᠦᠮᠡ ᠭᠠᠷᠤᠶ ᠮᠦ ᠳᠤ ᠬᠦᠷᠴᠦ᠂ ᠵᠠᠰᠠᠮᠠᠯ ᠵᠠᠮ ᠤᠨ ᠲᠤᠰ ᠪᠡᠶ᠎ᠡ ᠨᠢ ᠡᠯᠡᠰᠦᠷᠬᠡᠭ ᠭᠠᠵᠠᠷ ᠢ ᠲᠣᠭᠲᠠᠪᠤᠷᠢᠵᠢᠭᠤᠯᠬᠤ ᠶᠢᠨ ᠬᠠᠮᠲᠤ ᠡᠯᠡᠰᠦᠷᠬᠡᠭ ᠭᠠᠵᠠᠷ ᠢ ᠬᠡᠰᠡᠭᠯᠡᠨ ᠵᠠᠰᠠᠬᠤ ᠶᠢ ᠥᠷᠨᠢᠭᠦᠯᠵᠦ᠂ ᠮᠣᠳᠣ ᠲᠠᠷᠢᠵᠤ ᠡᠪᠡᠰᠦ ᠲᠠᠷᠢᠬᠤ᠂ ᠠᠮᠢ ᠠᠬᠤᠢ ᠶᠢ ᠵᠠᠰᠠᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ ᠢ ᠠᠬᠢᠭᠤᠯᠬᠤ ᠶᠢ ᠲᠦᠷᠭᠡᠳᠬᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠠᠬᠢᠭᠤᠯᠬᠤ ᠶᠢ ᠲᠦᠷᠭᠡᠳᠬᠡᠨ᠎ᠡ᠃ ᠲᠣᠰ ᠵᠠᠰᠠᠮᠠᠯ ᠵᠠᠮ ᠨᠢ 60 ᠭᠠᠷᠤᠶ ᠲᠦᠮᠡᠨ ᠮᠥ ᠮᠠᠯᠵᠢᠯ ᠤᠨ ᠲᠠᠯᠠᠪᠠᠶ ᠲᠠᠢ ᠬᠤᠯᠪᠣᠯᠳᠤᠵᠤ᠂ 120 ᠭᠠᠷᠤᠶ ᠡᠷᠦᠬᠡ ᠮᠠᠯᠴᠢᠳ ᠭᠠᠳᠠᠭᠠᠳᠤ ᠣᠷᠴᠢᠨ ᠲᠠᠢ ᠪᠠᠨ ᠬᠠᠷᠢᠯᠴᠠᠬᠤ ᠵᠠᠮ ᠢ ᠨᠡᠪᠲᠡᠷᠡᠭᠦᠯᠵᠦ᠂ ᠭᠠᠳᠠᠭᠰᠢ ᠭᠠᠷᠬᠤ ᠳᠤ ᠤᠤᠯ ᠤᠨ ᠨᠢᠭᠡ ᠴᠠᠭ ᠢᠯᠡᠭᠦᠤ ᠪᠠᠶᠢᠭᠰᠠᠨ ᠠᠴᠠ ᠪᠠᠨ 30 ᠮᠢᠨᠦ᠋ᠲ ᠪᠣᠯᠣᠨ ᠪᠣᠭᠤᠨᠢᠰᠴᠤ᠂ ᠮᠠᠯᠴᠢᠨ ᠲᠦᠮᠡᠨ ᠤ ᠶᠠᠪᠤᠵᠤ ᠰᠠᠭᠤᠬᠤ ᠳᠤ ᠬᠦᠴᠢᠷ᠂ ᠠᠮᠢᠳᠤᠷᠠᠯ ᠤᠨ ᠥᠪᠡᠷ ᠤᠨ ᠥᠷᠲᠡᠭ ᠥᠨᠳᠥᠷ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢᠶᠠᠨ ᠪᠣᠷᠣᠯᠠᠭᠤᠯᠬᠤ ᠳᠤ ᠬᠦᠴᠢᠷᠲᠡᠶ ᠪᠠᠶᠢᠬᠤ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ᠂ ᠬᠤᠯᠠᠨ ᠰᠢᠷᠭ᠎ᠠ ᠳᠠᠭ᠎ᠠ ᠶᠢᠨ ᠶᠡᠭᠡ ᠲᠣᠭᠤᠷᠢᠯ ᠵᠠᠮ ᠤᠨ ᠦᠩᠭᠡᠷᠡᠵᠦ ᠭᠠᠷᠬᠤ ᠰᠠᠯᠪᠤᠷᠢ ᠱᠤᠭᠤᠮ ᠪᠣᠯᠵᠣ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠤᠨ᠎ᠠ᠃ ᠡᠭᠦᠨ ᠤ ᠬᠠᠮᠲᠤ᠂ ᠵᠠᠰᠠᠮᠠᠯ ᠵᠠᠮ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠪᠠ ᠠᠪᠠᠭ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ ᠭᠤᠷᠪᠠᠨ ᠭᠠᠵᠠᠷ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号