ᠠᠪᠠᠭ᠎ᠠ ᠬᠤᠰᠢᠭᠤᠨ ᠤ ᡁᠢ ᠾᠦᠢ ᠡᠨᠧᠷᠬᠢ ᠶᠢᠨ 40 ᠲᠦᠮᠡᠨ ᠺᠢᠯᠦᠸᠠᠲ ᠶᠢᠨ ᠰᠠᠯᠬᠢᠨ ᠡᠨᠧᠷᠬᠢ ᠶᠢᠨ ᠲᠦᠷᠦᠯ ᠵᠦᠢᠯ ᠵᠢᠩᠬᠢᠨᠢ ᠪᠠᠷ ᠡᠬᠢᠯᠡᠭᠰᠡᠨ
ᠨᠡᠶᠢᠲᠡᠯᠡᠭᠰᠡᠨ ᠴᠠᠭ᠄
2024/11/14
   10 ᠰᠠᠷ᠎ᠠ ᠶᠢᠨ 21 ᠤ ᠡᠳᠦᠷ᠂ ᠠᠪᠠᠭ᠎ᠠ ᠬᠤᠰᠢᠭᠤᠨ ᠤ ᡁᠢ ᠾᠦᠢ ᠡᠨᠧᠷᠭᠢ ᠶᠢᠨ 40 ᠲᠦᠮᠡᠨ ᠺᠢᠯᠣᠸᠠᠲ ᠤᠨ ᠰᠠᠯᠬᠢᠨ ᠭᠡᠷᠡᠯ ᠤᠨ ᠲᠦᠷᠦᠯ ᠵᠦᠢᠯ ᠴᠠᠭᠠᠨᠨᠠᠭᠤᠷ ᠪᠠᠯᠭᠠᠰᠤᠨ ᠳᠤ ᠵᠢᠩᠬᠢᠨᠢ ᠪᠠᠷ ᠠᠵᠢᠯ ᠡᠬᠢᠯᠡᠪᠡ᠃ ᠲᠣᠰ ᠲᠥᠷᠥᠯ ᠵᠦᠢᠯ ᠪᠣᠯ ᠤᠯᠤᠰ ᠤᠨ ᠭᠤᠷᠪᠠᠳᠤᠭᠠᠷ ᠪᠦᠯᠦᠭ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠮᠥᠨ᠂ ᠪᠠᠰᠠ ᠴᠤ ᠰᠢᠯᠢ ᠶᠢᠨ ᠭᠤᠤᠯ ᠠᠶᠢᠮᠠᠭ ᠤᠨ ᠪᠡᠶ᠎ᠡ ᠪᠠᠨ ᠳᠠᠭᠠᠭᠠᠵᠤ ᠪᠥᠲᠥᠭᠡᠨ ᠪᠠᠶᠢᠭᠤᠯᠤᠭᠰᠠᠨ ᠠᠩᠬᠠᠳᠠᠭᠴᠢ ᠰᠢᠨ᠎ᠡ ᠡᠨᠧᠷᠭᠢ ᠶᠢᠨ ᠲᠥᠷᠥᠯ ᠵᠦᠢᠯ ᠮᠥᠨ᠂ ᠶᠡᠷᠦᠩᠬᠡᠶ ᠪᠠᠯᠠ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠳᠤ 47 ᠲᠠᠶᠢᠹᠤᠩ ᠴᠠᠬᠢᠯᠭᠠᠨ ᠤ ᠮᠠᠰᠢᠨ ᠴᠣᠭᠴᠠᠯᠠᠪᠤᠷᠢ᠂ 25 ᠬᠡᠷᠡᠯ ᠴᠡᠨᠡᠭ ᠤᠨ ᠵᠢᠭᠰᠠᠭᠠᠯ ᠤᠨ ᠭᠠᠵᠠᠷ ᠢ ᠪᠥᠲᠥᠭᠡᠨ ᠪᠠᠶᠢᠭᠤᠯᠵᠤ᠂ ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠴᠢ ᠡᠨᠧᠷᠭᠢ ᠬᠠᠳᠠᠭᠠᠯᠠᠬᠤ ᠲᠦᠬᠦᠭᠡᠷᠦᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠤᠨ ᠦᠢᠯᠡᠳᠬᠦᠨ ᠤ ᠥᠷᠲᠡᠭ 3 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠵᠢᠱᠢᠯᠲᠡ ᠪᠠᠷ 2025 ᠣᠨ ᠤ ᠡᠴᠦᠰ ᠲᠤ ᠠᠰᠢᠭᠯᠠᠯᠲᠠ ᠳᠤ ᠣᠷᠣᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号