ᠠᠪᠠᠭ᠎ᠠ ᠬᠤᠰᠢᠭᠤᠨ ᠤ ᠬᠤᠶᠠᠷ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠴᠢᠬᠤᠯᠠ | ᠠᠬᠢᠴᠠ ᠲᠠᠢ ᠪᠣᠯᠪᠠ᠃ 10 ᠰᠠᠷ᠎ᠠ ᠶᠢᠨ 25 ᠤ ᠡᠳᠦᠷ᠂ ᠠᠪᠠᠭ᠎ᠠ ᠬᠤᠰᠢᠭᠤᠨ ᠤ 150MW/300MWh | ᠬᠠᠮᠲᠤ ᠪᠠᠷ ᠡᠳ᠋ᠯᠡᠬᠦ ᠮᠠᠶ᠋ᠢᠭ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠢ | ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠦᠭᠰᠡᠨ ᠨᠢ᠂ ᠲᠣᠰ ᠴᠠᠬᠢᠯᠭᠠᠨ ᠥᠷᠲᠡᠭᠡ ᠵᠢᠩᠬᠢᠨᠢ ᠪᠠᠷ ᠲᠤᠷᠰᠢᠨ | ᠠᠵᠢᠯᠯᠠᠬᠤ ᠳᠤ ᠣᠷᠣᠯᠴᠠᠭᠰᠠᠨ ᠢ ᠬᠠᠷᠠᠭᠤᠯᠵᠤ ᠪᠠᠶᠢᠨ᠎ᠠ᠃ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠪᠣᠬᠢᠷᠳᠤᠯ | ᠦᠭᠡᠢ ᠡᠨᠧᠷᠭᠢ ᠶᠢᠨ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠬᠤᠸᠠ | ᠷᠦᠨ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠣᠷᠭᠢᠯ ᠢ | ᠲᠣᠬᠢᠷᠠᠭᠤᠯᠬᠤ᠂ ᠳᠠᠪᠲᠠᠮᠵᠢ ᠲᠣᠬᠢᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠠᠬᠢᠯᠭᠠᠨ ᠡᠭᠦᠰᠭᠡᠭᠴᠢ | ᠵᠡᠷᠭᠡ ᠳᠤ ᠲᠤᠰᠠᠯᠠᠬᠤ ᠦᠢᠯᠡᠴᠢᠯᠡᠭᠡ ᠬᠠᠩᠭᠠᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ | ᠲᠣᠬᠢᠷᠠᠭᠤᠯᠤᠯᠲᠠ ᠶᠢᠨ ᠣᠷᠣᠨ ᠵᠠᠶ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 10 ᠰᠠᠷ᠎ᠠ ᠶᠢᠨ 26 ᠤ | ᠡᠳᠦᠷ᠂ ᠠᠪᠠᠭ᠎ᠠ ᠬᠤᠰᠢᠭᠤᠨ ᠤ ᠵᠢᠩ ᠨᠧᠩ ᠴᠠᠭᠠᠨᠨᠠᠭᠤᠷ ᠤᠨ ᠰᠠᠯᠬᠢᠨ ᠬᠦᠴᠦᠨ ᠤ ᠴᠠᠬᠢᠯᠭᠠᠨ ᠤᠰᠤᠲᠥ᠋ᠷᠥᠭᠴᠢ | ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠠᠩᠬᠠᠳᠠᠭᠴᠢ ᠰᠠᠯᠬᠢᠨ ᠰᠡᠩᠰᠡ ᠶᠢᠨ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠠᠩᠬᠠᠳᠠᠭᠴᠢ ᠰᠤᠪᠤᠷᠭᠠᠨ ᠬᠤᠭᠤᠯᠠᠢ ᠶᠢ ᠳᠡᠭᠦᠵᠢᠯᠡᠨ ᠤᠭᠰᠠᠷᠠᠵᠤ | ᠳᠠᠭᠤᠰᠬᠠᠭᠠᠳ᠂ ᠪᠦᠬᠦᠯᠢ ᠴᠣᠭᠴᠠ ᠶᠢᠨ ᠬᠦᠨᠳᠦ ᠨᠢ 559.46 ᠲᠣᠨ ᠪᠠᠶᠢᠵᠤ᠂ 4 ᠰᠤᠪᠤᠷᠭᠠᠨ ᠲᠦᠩᠰᠡ ᠶᠢᠨ | ᠳᠣᠲᠣᠷᠠᠬᠢ ᠬᠠᠮᠤᠭ ᠤᠨ ᠬᠦᠨᠳᠦ ᠬᠡᠰᠡᠭ ᠪᠣᠯᠤᠨ᠎ᠠ᠃ ᠠᠰᠢᠬᠯᠠᠯᠲᠠ ᠳᠤ ᠣᠷᠣᠭᠰᠠᠨ ᠤ ᠳᠠᠷᠠᠭ᠎ᠠ᠂ ᠵᠢᠱᠢᠯᠲᠡ ᠪᠠᠷ | ᠵᠢᠯ ᠳᠤ 3200 ᠴᠠᠭ ᠢ ᠠᠰᠢᠭᠯᠠᠨ᠂ ᠠᠳᠠᠯᠢ ᠦᠷ᠎ᠡ ᠠᠰᠢᠭᠲᠤ ᠴᠠᠬᠢᠯᠭᠠᠨ ᠭᠠᠷᠭᠠᠬᠤ ᠬᠡᠮᠵᠢᠶ᠎ᠡ 0.38 | ᠳ᠋ᠦᠩᠰᠢᠭᠤᠷ kWh᠂ ᠨᠢᠭᠡᠨᠲᠡ ᠪᠠᠶᠢᠭᠤᠯᠤᠭᠰᠠᠨ 500Nm3/h ᠴᠠᠬᠢᠯᠭᠠᠨ ᠵᠠᠳᠠᠯᠤᠯ ᠤᠨ ᠤᠰᠤ ᠪᠠᠷ | ᠤᠰᠤᠲᠥ᠋ᠷᠥᠭᠴᠢ ᠦᠢᠯᠡᠳᠬᠦ ᠰᠢᠰᠲ᠋ᠧᠮ ᠪᠣᠯᠤᠨ ᠪᠠᠶᠢᠭᠤᠯᠵᠤ ᠪᠠᠶᠢᠭ᠎ᠠ 2MW/8MWh ᠡᠨᠧᠷᠭᠢ ᠬᠠᠳᠠᠭᠠᠯᠠᠬᠤ | ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠵᠢᠯ ᠳᠤ ᠠᠳᠠᠯᠢ ᠦᠷ᠎ᠡ ᠠᠰᠢᠭ ᠲᠠᠢ ︽ᠨᠣᠭᠤᠭᠠᠨ ᠤᠰᠤᠲᠥ᠋ᠷᠥᠭᠴᠢ︾ | ᠶᠢ 685.7 ᠲᠣᠨ ᠦᠢᠯᠡᠳᠪᠦᠷᠢᠯᠡᠬᠦ ᠪᠣᠯᠤᠨ᠎ᠠ᠃ |