ᠪᠦᠬᠦ ᠠᠶᠢᠮᠠᠭ ᠤᠨ ᠴᠢᠬᠤᠯᠠ ᠶᠡᠭᠡ ᠤᠰᠤᠨ ᠤ ᠠᠮᠢ ᠠᠬᠤᠢ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠪᠠᠭ᠎ᠠ ᠬᠤᠰᠢᠭᠤᠨ ᠳᠠᠬᠢ ᠶᠡᠷᠦᠩᠭᠡᠢ ᠪᠡᠯᠡ ᠤᠷᠤᠭᠤᠯᠤᠯᠳᠠ 2.6 ᠳ᠋ᠦᠩᠰᠢᠭᠤᠷ ᠲᠦᠬᠦᠷᠢᠭ ᠲᠤ ᠬᠦᠷᠪᠡ
ᠨᠡᠶᠢᠲᠡᠯᠡᠭᠰᠡᠨ ᠴᠠᠭ᠄
2024/11/18
   ᠣᠶᠢᠷ᠎ᠠ ᠶᠢᠨ ᠡᠳᠦᠷ᠂ ᠠᠪᠠᠭ᠎ᠠ ᠬᠤᠰᠢᠭᠤᠨ ᠤ ᠬᠦᠦᠷ ᠴᠠᠭᠠᠨ ᠨᠠᠭᠤᠷ ᠤᠨ ᠴᠠᠭᠠᠨ ᠤᠰᠤᠨ ᠴᠦᠬᠦᠷᠦᠮ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠶᠠᠭ ᠢᠳᠡ ᠬᠥᠭ ᠲᠠᠢ ᠶᠠᠪᠤᠭᠳᠠᠵᠤ ᠪᠠᠶᠢᠨ᠎ᠠ᠃ ᠠᠬᠤᠢ ᠲᠠᠯᠠᠪᠠᠢ ᠳᠤ᠂ ᠨᠦᠯᠦᠮᠡᠯ ᠰᠢᠪᠠᠷ ᠢ ᠴᠡᠪᠡᠷᠯᠡᠬᠦ ᠣᠩᠭᠤᠴᠠ ᠪᠠᠴᠢᠮ ᠶᠠᠭᠠᠷᠠᠯᠳᠠᠢ ᠠᠵᠢᠯᠯᠠᠵᠦ᠂ ᠨᠠᠭᠤᠷ ᠤᠨ ᠬᠦᠪᠡᠭᠡᠨ  ᠳᠠᠬᠢ ᠨᠦᠯᠦᠮᠡᠯ ᠰᠢᠪᠠᠷ ᠢ ᠡᠭᠡᠭᠡᠵᠦ ᠬᠠᠳᠠᠭᠠᠬᠤ ᠳᠠᠲᠠᠭᠠᠯ ᠨᠢ ᠴᠦ ᠲᠡᠷᠢ ᠲᠡᠭᠰᠢ ᠪᠠᠶᠢᠵᠦ᠂ ᠨᠦᠯᠦᠮᠡᠯ ᠰᠢᠪᠠᠷ ᠢ ᠵᠦᠭᠡᠭᠡᠪᠤᠷᠢᠯᠡᠬᠦ ᠲᠡᠷᠭᠡ ᠤᠨᠤᠭ᠎ᠠ ᠨᠠᠰᠢ ᠴᠠᠰᠢ ᠰᠦᠯᠵᠢᠯᠳᠦᠨ᠂ ᠠᠬᠤᠢ ᠲᠠᠯᠠᠪᠠᠢ ᠶᠢᠨ ᠪᠦᠲᠦᠬᠡᠨ ᠪᠠᠶᠢᠭᠤᠯᠤᠯᠲᠠ ᠶᠢᠨ ᠠᠵᠢᠯ ᠬᠦᠷ ᠬᠥᠭᠵᠢᠶᠡᠨ ᠲᠠᠢ ᠶᠠᠪᠤᠭᠳᠠᠨ᠎ᠠ᠃ ᠡᠨᠡᠬᠦ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠴᠠᠭᠠᠨ ᠤᠰᠤᠨ ᠴᠦᠬᠦᠷᠦᠮ ᠤᠨ ᠨᠦᠯᠦᠮᠡᠯ ᠰᠢᠪᠠᠷ ᠢ ᠴᠡᠪᠡᠷᠯᠡᠵᠦ ᠪᠠᠭᠲᠠᠭᠠᠮᠵᠢ ᠶᠢ ᠶᠡᠬᠡᠰᠬᠡᠬᠦ ᠢᠨᠵᠧᠨᠧᠷᠢᠩ᠂  ᠨᠠᠭᠤᠷ ᠤᠨ ᠬᠦᠪᠡᠭᠡᠨ ᠤ ᠵᠠᠪᠰᠠᠷ ᠤᠨ ᠪᠦᠰᠡ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠪᠠ ᠬᠤᠵᠢᠷᠯᠢᠭ ᠭᠠᠵᠠᠷ ᠢ ᠰᠠᠶᠢᠵᠢᠷᠠᠭᠤᠯᠤᠨ ᠬᠢᠶᠠᠭ ᠡᠪᠡᠰᠦ ᠲᠠᠷᠢᠬᠤ ᠲᠦᠷᠦᠯ ᠵᠦᠢᠯ ᠵᠡᠷᠭᠡ ᠶᠢ ᠪᠠᠭᠳᠠᠭᠠᠨ᠂ ᠶᠡᠷᠦᠩᠬᠡᠢ ᠪᠡᠯᠡ ᠤᠷᠤᠭᠤᠯᠤᠯᠲᠠ ᠨᠢ 2.6 ᠳ᠋ᠦᠩᠰᠢᠭᠤᠷ ᠲᠥᠭᠦᠷᠢᠭ ᠲᠤ ᠬᠦᠷᠦᠨ᠎ᠡ᠃    ᠬᠦᠦᠷ ᠴᠠᠭᠠᠨ ᠨᠠᠭᠤᠷ ᠤᠨ ᠤᠰᠤᠨ ᠰᠢᠰᠲ᠋ᠧᠮ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠤᠮᠠᠷᠠᠲᠤ ᠬᠡᠰᠡᠭ ᠤᠨ ᠴᠦᠯᠯᠡᠷᠭᠡᠭ᠂ ᠬᠠᠭᠠᠰ ᠴᠦᠯᠯᠡᠷᠭᠡᠭ ᠭᠠᠵᠠᠷ ᠤᠷᠣᠨ ᠳᠤ ᠪᠠᠶᠢᠷᠢᠯᠠᠵᠤ᠂ ᠲᠡᠭᠦᠨ ᠤ ᠤᠷᠤᠰᠤᠨ ᠦᠩᠭᠡᠷᠡᠬᠦ ᠣᠷᠤᠨ ᠪᠦᠰᠡ ᠨᠢ ᠠᠭᠤᠯᠠ ᠤᠰᠤ ᠣᠢ ᠮᠤᠳᠤ ᠨᠠᠭᠤᠷ ᠪᠦᠷᠢᠳᠦ ᠨᠤᠳᠤᠭ ᠪᠠᠯᠴᠢᠭᠡᠷ ᠡᠯᠡᠰᠦ ᠮᠠᠩᠬᠠᠨ  ᠤ ᠪᠦᠬᠦ ᠠᠮᠢ ᠠᠬᠤᠢ ᠶᠢᠨ ᠡᠯᠧᠮᠧᠨ᠋ᠲ ᠢ ᠬᠠᠮᠤᠷᠴᠤ᠂ ᠣᠨᠴᠠᠭᠠᠶᠢᠯᠠᠨ ᠴᠠᠭᠠᠨ ᠨᠠᠭᠤᠷ ᠤᠨ ᠤᠰᠤᠨ ᠰᠢᠰᠲ᠋ᠧᠮ ᠤᠨ ᠭᠤᠣᠯ ᠣᠷᠣᠨ ᠪᠦᠰᠡ ᠳᠠᠬᠢ ᠴᠠᠭᠠᠨ ᠣᠰᠤᠨ ᠴᠦᠬᠦᠷᠦᠮ ᠢ ᠬᠠᠮᠤᠷᠴᠤ᠂ ᠤᠰᠤᠨ ᠤ ᠴᠠᠷᠠᠭ᠎ᠠ ᠶᠢᠨ ᠶᠡᠷᠦᠩᠬᠡᠢ ᠲᠠᠯᠠᠪᠠᠢ ᠨᠢ 5 ᠲᠦᠮᠡᠨ ᠮᠦ ᠳᠤ ᠬᠦᠷᠴᠦ᠂ ᠴᠦᠭᠦᠷᠦᠮ ᠤᠨ ᠶᠡᠷᠦᠩᠬᠡᠢ ᠪᠠᠭᠲᠠᠭᠠᠮᠵᠢ ᠨᠢ ᠪᠠᠷᠤᠭ 6914 ᠲᠦᠮᠡᠨ ᠪᠤᠰᠤᠭ᠎ᠠ ᠳᠦᠷᠪᠡᠯᠵᠢᠨ ᠮᠧᠲᠷ ᠲᠤ ᠬᠦᠷᠴᠦ᠂ ᠵᠢᠯ ᠤᠨ ᠳᠤᠮᠳᠠᠴᠢ ᠤᠷᠤᠰᠬᠠᠯ ᠤᠷᠤᠭᠤᠯᠤᠯᠲᠠ ᠨᠢ ᠪᠠᠷᠤᠭ 3880 ᠲᠦᠮᠡᠨ ᠪᠤᠰᠤᠭ᠎ᠠ ᠳᠦᠷᠪᠡᠯᠵᠢᠨ ᠮᠧᠲᠷ ᠪᠠᠶᠢᠵᠤ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠪᠠᠶ᠎ᠠ᠂ ᠴᠢᠨᠠᠭᠰᠢᠯᠠᠪᠠᠯ ᠪᠦᠬᠦ ᠥᠪᠡᠷᠲᠡᠭᠡᠨ ᠵᠠᠰᠠᠬᠤ ᠣᠷᠣᠨ ᠤ ᠲᠤᠮᠳᠠ ᠪᠠᠶ᠎ᠠ ᠶᠢᠨ ᠭᠠᠵᠠᠷ ᠤᠷᠤᠨ ᠤ ᠲᠤᠶᠢᠯ ᠤᠨ ᠴᠢᠬᠤᠯᠠ ᠤᠰᠤᠨ ᠤ ᠠᠮᠢ ᠠᠬᠤᠢ᠂ ᠤᠰᠤᠨ ᠤ ᠡᠬᠢ ᠪᠠᠶᠠᠯᠢᠭ ᠪᠠ ᠤᠰᠤᠨ ᠤ ᠤᠷᠴᠢᠨ ᠲᠤᠭᠤᠷᠢᠨ ᠪᠤᠯᠤᠨ᠎ᠠ᠃ᠣᠶᠢᠷ᠎ᠠ ᠶᠢᠨ ᠵᠢᠯ ᠤᠨ ᠲᠤᠷᠰᠢ᠂ ᠠᠪᠠᠭ᠎ᠠ ᠬᠤᠰᠢᠭᠤ ᠨᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ︽ᠠᠭᠤᠯᠠ ᠤᠰᠤ ᠣᠢ ᠮᠤᠳᠤ ᠨᠠᠭᠤᠷ ᠪᠦᠷᠢᠳᠦ ᠨᠤᠳᠤᠭ ᠪᠠᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ  ᠶᠢ ᠨᠡᠩ ᠴᠢᠬᠤᠯᠠᠴᠢᠯᠠᠬᠤ ᠲᠤᠬᠠᠢ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠩ ᠴᠣᠯᠭᠤᠢ ᠵᠠᠰᠠᠯᠲᠠ ᠶᠢᠨ ᠵᠠᠭᠪᠤᠷ ᠢ ᠲᠠᠶᠠᠭᠳᠠᠨ᠂ ᠰᠢᠰᠲ᠋ᠧᠮ ᠲᠠᠢ ᠵᠠᠰᠠᠬᠤ ᠰᠡᠳᠬᠢᠬᠦᠢ  ᠪᠠᠷ ᠴᠠᠭᠠᠨ ᠨᠠᠭᠤᠷ ᠤᠨ ᠭᠤᠣᠯ ᠴᠣᠭᠴᠠ᠂ ᠤᠰᠤᠨ ᠣᠷᠣᠨ ᠤ ᠡᠷᠬᠢᠨ ᠲᠤᠭᠤᠷᠢᠨ ᠤ ᠠᠮᠢ ᠠᠬᠤᠢ ᠶᠢᠨ ᠣᠷᠴᠢᠨ ᠲᠤᠭᠤᠷᠢᠨ ᠪᠣᠯᠣᠨ ᠠᠮᠢ ᠠᠬᠤᠢ ᠶᠢᠨ ᠡᠬᠢ ᠪᠠᠶᠠᠯᠢᠭ ᠢ ᠤᠷᠴᠢᠯᠳᠤᠭᠤᠯᠤᠨ ᠠᠰᠢᠭᠯᠠᠬᠤ ᠵᠡᠷᠭᠡ ᠲᠠᠯ᠎ᠠ ᠪᠠᠷ ᠭᠤᠣᠯᠳᠠᠭᠤᠯᠵᠤ᠂ ᠴᠠᠭᠠᠨ ᠤᠰᠤᠨ ᠴᠦᠬᠦᠷᠦᠮ ᠤᠨ ᠨᠦᠯᠦᠮᠡᠯ ᠰᠢᠪᠠᠷ ᠢ ᠴᠡᠪᠡᠷᠯᠡᠵᠦ ᠪᠠᠭᠲᠠᠭᠠᠮᠵᠢ ᠶᠢ ᠶᠡᠬᠡᠰᠬᠡᠬᠦ᠂ ᠨᠠᠭᠤᠷ ᠤᠨ ᠬᠦᠪᠡᠭᠡᠨ ᠤ ᠵᠠᠪᠰᠠᠷ ᠤᠨ ᠪᠦᠰᠡ ᠶᠢ ᠶᠡᠷᠦᠩᠬᠡᠶᠢᠯᠡᠨ ᠵᠠᠰᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠬᠢᠶᠠᠭ ᠡᠪᠡᠰᠦ ᠲᠠᠷᠢᠬᠤ᠂ ᠦᠶᠡᠷ ᠤᠨ ᠬᠢᠵᠠᠭᠠᠷ ᠤᠨ ᠤᠰᠤᠨ ᠲᠦᠪᠰᠢᠨ ᠢ ᠲᠣᠬᠢᠷᠠᠭᠤᠯᠬᠤ ᠪᠠ ︽ᠲᠠᠲᠠᠬᠤ᠂ ᠳᠤᠬᠢᠷᠠᠭᠤᠯᠬᠤ᠂ ᠬᠠᠳᠠᠭᠠᠯᠠᠬᠤ︾  ᠢᠨᠵᠧᠨᠧᠷᠢᠩ ᠵᠡᠷᠭᠡ ᠲᠥᠷᠦᠯ ᠵᠦᠢᠯ ᠢ ᠨᠠᠷᠢᠨ ᠨᠢᠮᠪᠠᠢ ᠲᠦᠯᠦᠪᠯᠡᠵᠦ᠂ ᠤᠷᠢᠳ ᠬᠤᠵᠢᠳ 2.6 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠵᠤ᠂ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠦᠨᠡᠨ ᠪᠤᠳᠠᠳᠦ ᠪᠠᠷᠢᠯᠭ᠎ᠠ ᠶᠢᠨ ᠱᠠᠲᠤᠨ ᠳᠤ ᠤᠷᠤᠬᠤ ᠶᠢ ᠬᠦᠴᠦᠲᠡᠢ ᠳᠦᠯᠬᠢᠨ ᠠᠬᠢᠭᠤᠯᠪᠠ᠃ ᠡᠯ᠎ᠡ ᠵᠦᠢᠯ ᠤᠨ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠬᠦ ᠶᠢ ᠳᠠᠭᠠᠯᠳᠤᠨ᠂  ᠴᠠᠭᠠᠨ ᠨᠠᠭᠤᠷ ᠨᠢ ᠪᠦᠬᠦ ᠠᠶᠢᠮᠠᠭ᠃ ᠴᠢᠨᠠᠭᠰᠢᠯᠠᠪᠠᠯ ᠪᠦᠬᠦᠨ ᠣᠷᠣᠨ ᠤ ᠴᠢᠨᠠᠷ ᠰᠠᠶᠢᠲᠠᠢ ᠠᠮᠢ ᠠᠬᠤᠢ ᠶᠢᠨ ᠤᠰᠤᠨ ᠰᠢᠰᠲ᠋ᠧᠮ ᠪᠤᠯᠬᠤ ᠳᠤ ᠪᠠᠲᠤ ᠪᠠᠬᠢ ᠰᠠᠭᠤᠷᠢ ᠲᠠᠯᠪᠢᠬᠤ ᠪᠤᠯᠤᠨ᠎ᠠ  ᠃    ︽ᠴᠠᠭᠠᠨ ᠤᠰᠤᠨ ᠴᠦᠬᠦᠷᠦᠮ ᠤᠨ ᠨᠦᠯᠦᠮᠡᠯ ᠰᠢᠪᠠᠷ ᠢ ᠴᠡᠪᠡᠷᠯᠡᠬᠦ ᠨᠢᠭᠡᠳᠦᠭᠡᠷ ᠬᠤᠭᠤᠴᠠᠭᠠᠨ ᠤ ᠠᠵᠢᠯ ᠳᠤ 542.06 ᠲᠦᠮᠡᠨ ᠪᠤᠰᠤᠭ᠎ᠠ ᠳᠦᠷᠪᠡᠯᠵᠢᠨ ᠮᠧᠲᠷ ᠨᠦᠯᠦᠮᠡᠯ ᠰᠢᠪᠠᠷ ᠢ ᠴᠡᠪᠡᠷᠯᠡᠵᠦ᠂ ᠴᠡᠪᠡᠷᠯᠡᠭᠰᠡᠨ ᠨᠦᠯᠦᠮᠡᠯ ᠰᠢᠪᠠᠷ ᠤᠨ ᠳᠤᠮᠳᠠᠴᠢ ᠵᠤᠵᠠᠭᠠᠨ ᠨᠢ 1.84 ᠮᠧᠲᠷ ᠪᠠᠶᠢᠵᠦ᠂ ᠴᠡᠪᠡᠷᠯᠡᠭᠰᠡᠨ ᠭᠠᠵᠠᠷ ᠤᠨ ᠲᠠᠯᠠᠪᠠᠢ ᠨᠢ29 3.99 ᠲᠦᠮᠡᠨ ᠬᠠᠪᠳᠠᠭᠠᠢ ᠲᠦᠷᠪᠡᠯᠵᠢᠨ ᠮᠧᠲᠷ ᠪᠠᠶᠢᠵᠦ᠂ 2025 ᠣᠨ ᠤ ᠡᠴᠦᠰ ᠲᠤ ᠠᠵᠢᠯ  ᠲᠠᠭᠤᠰᠬᠠᠬᠤ ᠪᠠᠷ ᠵᠢᠱᠢᠵᠦ ᠪᠤᠢ᠃ ᠡᠨᠡᠬᠦ ᠶᠡᠷᠦᠩᠭᠡᠶᠢᠯᠡᠨ ᠵᠠᠰᠠᠬᠤ ᠲᠦᠷᠦᠯ ᠵᠦᠢᠯ ᠨᠢ ᠤᠰᠤᠨ ᠴᠦᠬᠦᠷᠦᠮ ᠤᠨ ᠨᠦᠯᠦᠮᠡᠯ ᠰᠢᠪᠠᠷ ᠬᠤᠷᠠᠬᠤ᠂ ᠨᠠᠭᠤᠷ ᠤᠨ ᠢᠷᠤᠭᠠᠷ ᠤᠨ ᠳᠡᠭᠡᠭᠰᠢᠯᠡᠬᠦ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠨᠠᠭᠤᠷ ᠤᠨ ᠤᠰᠤᠨ ᠤ ᠠᠭᠤᠷᠰᠢᠯᠲᠠ ᠶᠢ ᠪᠦᠳᠦᠮᠵᠢᠳᠠᠢ ᠪᠠᠭᠠᠰᠬᠠᠵᠤ᠂ ᠤᠰᠤᠨ ᠴᠦᠬᠦᠷᠦᠮ ᠤᠨ ᠪᠠᠭᠲᠠᠭᠠᠮᠵᠢ ᠶᠢ ᠶᠡᠭᠡᠰᠬᠡᠨ᠂ ᠤᠰᠤᠨ ᠴᠦᠬᠦᠷᠦᠮ ᠤᠨ ᠠᠮᠢ ᠠᠬᠤᠢ ᠶᠢᠨ ᠴᠢᠳᠠᠮᠵᠢ ᠶᠢ ᠰᠡᠷᠭᠦᠭᠡᠵᠦ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠡᠭᠦᠨ ᠤ ᠬᠠᠮᠲᠤ᠂ ᠴᠠᠭᠠᠨ ᠤᠰᠤᠨ ᠴᠦᠬᠦᠷᠦᠮ ᠨᠢ ᠠᠶᠢᠮᠠᠭ ᠤᠨ ᠬᠤᠪᠤᠷ ᠴᠤᠬᠠᠭ ᠤᠰᠤᠨ ᠤ ᠡᠬᠢ ᠪᠠᠶᠠᠯᠢᠭ ᠪᠤᠯᠤᠭᠰᠠᠨ ᠤ ᠬᠤᠪᠢ ᠳᠤ᠂ ᠢᠷᠡᠭᠡᠳᠦᠢ ᠳᠤ ︿ᠲᠠᠲᠠᠬᠤ᠂ ᠳᠣᠬᠢᠷᠠᠭᠤᠯᠬᠤ᠂ ᠬᠠᠳᠠᠭᠠᠯᠠᠬᠤ﹀ ᠢᠨᠵᠧᠨᠧᠷᠢᠩ ᠢᠶᠠᠷ ᠳᠠᠮᠵᠢᠨ ᠤᠷᠤᠨ ᠪᠦᠰᠡ ᠶᠢᠨ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠬᠠᠩᠭᠠᠯᠭ᠎ᠠ ᠶᠢ ᠪᠠᠲᠤᠯᠠᠵᠤ᠂ ᠨᠡᠩ ᠴᠦ ᠪᠦᠬᠦ ᠬᠤᠰᠢᠭᠤᠨ ᠤ ᠴᠢᠨᠠᠷ ᠰᠠᠶᠢᠲᠠᠢ ᠠᠵᠤ ᠦᠢᠯᠡᠳᠪᠦᠷᠢ ᠶᠢᠨ ᠲᠦᠷᠦᠯ ᠵᠦᠢᠯ ᠲᠤ ᠬᠡᠷᠡᠭᠯᠡᠬᠦ ᠤᠰᠤ ᠶᠢᠨ ᠬᠠᠩᠭᠠᠯᠭ᠎ᠠ ᠳᠤ ᠴᠢᠬᠤᠯᠠ ᠲᠣᠯᠭᠠᠭᠤᠷᠢᠯᠠᠯ ᠪᠤᠯᠵᠦ ᠴᠢᠳᠠᠨ᠎ᠠ︾ ᠭᠡᠵᠦ ᠠᠪᠠᠭ᠎ᠠ ᠬᠤᠰᠢᠭᠤᠨ ᠤ ᠤᠢ ᠰᠢᠭᠤᠢ ᠨᠤᠳᠤᠭ ᠪᠠᠯᠴᠢᠭᠡᠷ ᠪᠠ ᠤᠰᠤᠨ ᠠᠰᠢᠭᠯᠠᠯᠳᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ ᠲᠡᠮᠡᠴᠡᠯ ᠶᠠᠷᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号