ᠮᠠᠯᠴᠢᠨ ᠡᠷᠳᠡᠨᠢᠪᠢᠯᠢᠭ ᠦᠬᠡᠷ ᠢᠶᠠᠨ ᠶᠡᠬᠡᠪᠡᠷ ᠬᠤᠳᠠᠯᠳᠤᠭᠰᠠᠨ ᠤ ᠴᠠᠭᠠᠨ᠎ᠠ ᠁
ᠨᠡᠶᠢᠲᠡᠯᠡᠭᠰᠡᠨ ᠴᠠᠭ᠄
2024/11/18
   ᠠᠪᠠᠭ᠎ᠠ ᠬᠤᠰᠢᠭᠤᠨ ᠤ ᠬᠤᠩᠭᠤᠷᠭᠤᠤᠯ ᠪᠠᠯᠭᠠᠰᠤ ᠶᠢᠨ ᠠᠯᠲᠠᠨᠳᠦᠭᠦᠷᠢᠭ ᠭᠠᠴᠠᠭ᠎ᠠ ᠪᠠᠷ ᠨᠤᠲᠤᠭᠲᠠᠢ ᠮᠠᠯᠴᠢᠨ ᠡᠷᠳᠡᠨᠢᠪᠢᠯᠢᠭ ᠤᠨ ᠬᠢ ᠣᠶᠢᠷ᠎ᠠ ᠶᠢᠨ ᠬᠤᠶᠠᠷ ᠵᠢᠯ ᠤᠨ ᠦᠬᠡᠷ ᠤᠨ ᠦᠨ᠎ᠡ ᠬᠠᠩᠰᠢ ᠪᠠᠭᠤᠷᠠᠵᠤ ᠡᠪᠡᠰᠦ ᠪᠤᠷᠳᠤᠭᠠᠨ ᠤ ᠵᠠᠷᠤᠯᠭ᠎ᠠ ᠶᠡᠬᠡᠳᠡᠢ ᠪᠠᠶᠢᠭ᠎ᠠ ᠪᠠᠶᠢᠳᠠᠯ ᠳᠤ ᠴᠢᠭᠯᠡᠭᠦᠯᠦᠨ ᠡᠨᠡ ᠵᠢᠯ ᠮᠠᠯ ᠢᠶᠠᠨ ᠴᠦᠬᠡᠴᠢᠯᠡᠵᠦ᠂ ᠵᠠᠭᠤᠭᠠᠳ ᠦᠬᠡᠷ ᠤᠨ ᠢᠶᠠᠨ 80 ᠭᠠᠷᠤᠢ ᠦᠬᠡᠷ ᠢ ᠬᠤᠳᠠᠯᠳᠤᠵᠤ᠂ ᠠᠮᠢ ᠠᠬᠤᠢ ᠪᠠ ᠠᠵᠤ ᠠᠬᠤᠢ ᠶᠢᠨ ᠬᠤᠣᠰ ᠦᠷ᠎ᠡ ᠠᠰᠢᠭ ᠣᠯᠬᠤ ᠪᠠᠷ ᠴᠢᠷᠮᠠᠶᠢᠵᠤ ᠪᠤᠢ᠃    80 ᠭᠠᠷᠤᠢ ᠦᠬᠡᠷ ᠢᠶᠠᠨ ᠬᠤᠳᠠᠯᠳᠤᠭᠰᠠᠨ ᠤ ᠤᠴᠢᠷ ᠶᠠᠭᠤᠨ    ᠡᠷᠳᠡᠨᠢᠪᠢᠯᠢᠭ ᠤᠨ ᠬᠢ ᠡᠮᠦᠨ᠎ᠡ ᠬᠡᠳᠦᠨ ᠵᠢᠯ 7000 ᠮᠦ ᠪᠡᠯᠴᠢᠭᠡᠷ ᠳᠡᠭᠡᠷ᠎ᠡ ᠪᠠᠨ ᠵᠠᠭᠤᠭᠠᠳ ᠦᠬᠡᠷ ᠮᠠᠯᠵᠢᠵᠤ ᠪᠠᠶᠢᠵᠡᠢ᠃ ᠥᠨᠥ ᠬᠠᠪᠤᠷ ᠠᠴᠠ ᠡᠬᠢᠯᠡᠨ ᠮᠠᠯ ᠰᠦᠷᠦᠭ ᠤᠨ ᠪᠦᠲᠦᠴᠡ ᠳᠤ ᠪᠠᠨ ᠳᠤᠬᠢᠷᠠᠭᠤᠯᠤᠯᠲᠠ  ᠬᠢᠵᠦ᠂ 80 ᠭᠠᠷᠤᠢ ᠦᠬᠡᠷ ᠢᠶᠠᠨ ᠬᠤᠳᠠᠯᠳᠤᠨ᠂ ᠦᠬᠡᠷ ᠢᠶᠠᠨ ᠶᠡᠬᠡᠪᠡᠷ ᠪᠠᠭᠠᠰᠬᠠᠭᠰᠠᠨ ᠪᠠᠶᠢᠨ᠎ᠠ᠃ ᠡᠭᠦᠨ ᠤ ᠲᠤᠬᠠᠢ ᠡᠷᠳᠡᠨᠢᠪᠢᠯᠢᠭ ᠢᠩᠭᠢᠵᠦ ᠶᠠᠷᠢᠯ᠎ᠠ᠄ ᠡᠨᠡ ᠬᠤᠶᠠᠷ ᠵᠢᠯ ᠦᠬᠡᠷ ᠤᠨ ᠦᠨ᠎ᠡ ᠬᠠᠩᠰᠢ ᠪᠠᠭᠤᠷᠠᠨ᠂ ᠡᠪᠡᠰᠦ ᠪᠤᠷᠳᠤᠭ᠎ᠠ ᠦᠨᠡᠲᠡᠢ ᠪᠤᠯᠤᠭᠰᠠᠨ ᠪᠦᠭᠡᠳ ᠬᠦᠳᠡᠯᠮᠦᠷᠢ ᠬᠦᠴᠦ ᠶᠡᠭᠡ ᠵᠠᠷᠤᠴᠠᠭᠤᠯᠵᠤ᠂ ᠤᠷᠤᠯᠭ᠎ᠠ ᠵᠠᠷᠤᠯᠭ᠎ᠠ ᠲᠡᠩᠴᠡᠭᠦᠷᠢ ᠪᠠᠨ ᠠᠯᠳᠠᠪᠠ᠃ ᠡᠮᠦᠨ᠎ᠡ ᠬᠤᠶᠠᠷ ᠵᠢᠯ ᠪᠠᠰᠠ ᠪᠤᠷᠤᠭ᠎ᠠ ᠬᠤᠷ᠎ᠠ ᠪᠠᠭ᠎ᠠ᠂ ᠭᠠᠩ ᠬᠠᠪᠰᠠᠷᠭ᠎ᠠ ᠲᠠᠢ᠂ ᠡᠶᠢᠨᠬᠦ ᠣᠷᠣᠯᠭ᠎ᠠ ᠵᠠᠷᠤᠯᠭ᠎ᠠ ᠪᠠᠨ ᠲᠡᠩᠴᠡᠭᠦᠯᠬᠦ ᠡᠭᠦᠳᠡᠨ ᠠᠴᠠ ᠦᠬᠡᠷ ᠢᠶᠠᠨ ᠶᠡᠬᠡᠪᠡᠷ ᠵᠠᠷᠤᠴᠠᠭᠤᠯᠤᠭᠰᠠᠨ ᠶᠣᠮ᠃ ᠨᠦᠭᠦᠭᠡ ᠲᠠᠯ᠎ᠠ ᠪᠠᠷ ᠮᠠᠯ ᠤᠨ ᠲᠤᠭ᠎ᠠ ᠲᠤᠯᠤᠭᠠᠢ ᠶᠢ ᠪᠠᠭᠠᠰᠬᠠᠵᠤ᠂ ᠨᠤᠲᠤᠭ ᠤᠨ ᠬᠦᠷᠦᠰᠦ ᠪᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠶᠢ ᠪᠤᠳᠤᠯᠬᠢᠯᠠᠭᠰᠠᠨ ᠶᠤᠮ᠃ ᠤᠳᠤᠬᠠᠨ ᠳᠤ ᠠᠷᠪᠠᠨ ᠬᠡᠳᠦᠨ ᠦᠬᠡᠷ᠂ ᠵᠠᠭᠤ ᠭᠠᠷᠤᠢ ᠬᠤᠨᠢ ᠪᠠ ᠠᠷᠪᠠᠭᠠᠳ ᠠᠳᠤᠭᠤ ᠮᠠᠯᠵᠢᠵᠤ᠂ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠬᠦᠮᠦᠨ ᠤ ᠬᠦᠴᠦ ᠪᠠ ᠪᠤᠳᠠᠰ ᠤᠨ ᠬᠦᠴᠦ ᠶᠢ ᠠᠷᠪᠢᠯᠠᠪᠠ᠃    ᠡᠪᠡᠰᠦ ᠬᠤᠳᠠᠯᠳᠤᠭᠰᠠᠨ ᠣᠷᠣᠯᠭ᠎ᠠ 16 ᠲᠦᠮᠡᠨ ᠲᠦᠭᠦᠷᠢᠭ ᠬᠦᠷᠪᠡ    ᠡᠨᠡ ᠵᠢᠯ ᠪᠤᠷᠤᠭᠠᠨ ᠬᠤᠷ᠎ᠠ ᠲᠡᠩᠴᠡᠭᠦᠬᠡᠨ ᠳᠡᠭᠡᠷ᠎ᠡ ᠮᠠᠯ ᠤᠨ ᠲᠤᠭ᠎ᠠ ᠲᠤᠯᠤᠭᠠᠢ ᠶᠢ ᠪᠠᠭᠠᠰᠬᠠᠭᠰᠠᠨ ᠠᠴᠠ ᠡᠪᠡᠰᠦ ᠪᠡᠯᠴᠢᠭᠡᠷ ᠤᠨ ᠤᠷᠭᠤᠴᠠ ᠨᠡᠯᠢᠶᠡᠳ ᠰᠠᠶᠢᠨ ᠪᠠᠶᠢᠵᠤ᠂ ᠡᠷᠳᠡᠨᠢᠪᠢᠯᠢᠭ 1400 ᠮᠦ ᠬᠠᠳᠤᠯᠠᠩ ᠠᠴᠠ ᠪᠠᠨ 500 ᠵᠢᠩ ᠤᠨ ᠪᠦᠭᠡᠷᠡᠩᠭᠡᠢ ᠪᠤᠭᠤᠯᠲᠠ ᠪᠠᠷ 600 ᠭᠠᠷᠤᠢ ᠪᠤᠭᠤᠯᠳᠠ ᠬᠠᠳᠤᠵᠤ ᠬᠤᠷᠢᠶᠠᠨ᠂ 2 ᠮᠦ ᠠᠴᠠ ᠨᠢᠭᠡ ᠪᠤᠭᠤᠯᠲᠠ ᠡᠪᠡᠰᠦ ᠭᠠᠷᠤᠭᠰᠠᠨ ᠪᠠᠶᠢᠨ᠎ᠠ᠃ ᠲᠡᠷᠡ ᠡᠪᠡᠰᠦ ᠪᠠᠨ ᠦᠪᠡᠷ ᠢᠶᠠᠨ ᠬᠠᠳᠤᠵᠤ ᠪᠤᠭᠤᠳᠠᠯᠯᠠᠵᠤ᠂ ᠡᠪᠦᠯᠵᠢᠭᠦᠯᠵᠦ ᠬᠠᠪᠤᠷᠵᠢᠭᠤᠯᠬᠤ ᠮᠠᠯ ᠳᠤ ᠪᠠᠨ ᠬᠦᠷᠦᠯᠴᠡᠭᠡᠳᠡᠢ ᠨᠥᠭᠡᠴᠡᠯᠡᠭᠡᠳ ᠦᠯᠡᠳᠡᠭᠰᠡᠨ 500  ᠭᠠᠷᠤᠢ ᠪᠤᠭᠤᠯᠲᠠ ᠶᠢ ᠨᠢ ᠬᠤᠳᠠᠯᠳᠤᠵᠤ᠂ 16 ᠲᠦᠮᠡᠨ ᠲᠦᠭᠦᠷᠢᠭ ᠤᠨ ᠤᠷᠤᠯᠭ᠎ᠠ ᠡᠭᠦᠳᠪᠡ᠃ ᠡᠭᠦᠨ ᠠᠴᠠ ᠭᠠᠳᠠᠨ᠎ᠠ᠂ ᠡᠨᠡ ᠵᠢᠯ 2500 ᠮᠦ ᠪᠡᠯᠴᠢᠭᠡᠷ ᠳᠡᠭᠡᠷ᠎ᠡ ᠪᠠᠨ ᠲᠡᠷᠢᠭᠦᠨ ᠤ ᠲᠠᠷᠢᠬᠤ ᠮᠡᠷᠭᠡᠵᠢᠯ ᠢᠶᠠᠷ ᠬᠢᠶᠠᠭ ᠵᠡᠷᠭᠡ ᠣᠯᠠᠨ ᠨᠠᠰᠤᠲᠤ ᠤᠷᠭᠤᠮᠠᠯ ᠲᠠᠷᠢᠭᠰᠠᠨ ᠪᠠᠶᠢᠯ᠎ᠠ᠃ ᠡᠨᠡ ᠨᠢ ᠳᠠᠷᠠᠭ᠎ᠠ ᠵᠢᠯ ᠠᠴᠠ ᠠᠰᠢᠭᠯᠠᠯᠲᠠ ᠳᠤ ᠤᠷᠤᠵᠤ᠂ ᠮᠠᠯ ᠰᠦᠷᠦᠭ ᠲᠤ ᠪᠠᠨ ᠰᠢᠮ᠎ᠡ ᠲᠡᠵᠢᠭᠡᠯ ᠦᠨᠳᠦᠷ ᠡᠪᠡᠰᠦ ᠬᠠᠩᠭᠠᠬᠤ ᠪᠠᠷ ᠪᠡᠯᠡᠳᠬᠡᠵᠦ ᠪᠤᠢ᠃ ︽ᠳᠠᠷᠠᠭᠠᠴᠢ ᠶᠢᠨ ᠠᠯᠬᠤᠮ ᠳᠤ ᠡᠪᠡᠰᠦ ᠲᠠᠷᠢᠵᠤ ᠬᠠᠳᠤᠬᠤ᠂ ᠡᠪᠡᠰᠦ ᠪᠤᠭᠤᠳᠠᠯᠯᠠᠬᠤ ᠬᠠᠮᠢᠶ᠎ᠠ ᠲᠠᠢ ᠡᠪᠡᠰᠦᠨ ᠤ ᠦᠢᠯᠡᠰ ᠡᠷᠬᠢᠯᠡᠬᠦ ᠰᠠᠨᠠᠭ᠎ᠠ ᠲᠠᠢ︾ ᠭᠡᠵᠦ ᠡᠷᠳᠡᠨᠢᠪᠢᠯᠢᠭ ᠳᠠᠷᠣᠣᠬᠠᠨ ᠶᠠᠷᠢᠯ᠎ᠠ᠃    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号