ᠶᠡᠬᠡᠭᠤᠣᠯ ᠰᠤᠮᠤᠨ ᠤ ᠳᠡᠯᠭᠡᠷ ᠭᠠᠴᠠᠭ᠎ᠠ ᠨᠢ ᠬᠠᠮᠲᠤ ᠶᠢᠨ ᠠᠵᠤ ᠠᠬᠤᠢ ᠶᠢᠨ ᠠᠰᠢᠭ ᠲᠤᠰᠠ ᠶᠢ ᠮᠠᠯᠴᠢᠳ ᠲᠤ ᠪᠠᠨ ᠢᠩᠬᠢᠵᠦ ᠬᠦᠷᠳᠡᠭᠡᠨ᠎ᠡ
ᠨᠡᠶᠢᠲᠡᠯᠡᠭᠰᠡᠨ ᠴᠠᠭ᠄
2024/11/18
   ᠤᠶᠢᠷ᠎ᠠ ᠳᠤ ᠶᠡᠬᠡᠭᠤᠤᠯ ᠰᠤᠮᠤᠨ ᠤ ᠳᠡᠯᠭᠡᠷ ᠭᠠᠴᠠᠭᠠᠨ ᠤ ︽ᠬᠤᠶᠠᠷ ᠵᠥᠪᠯᠡᠯ︾ ᠤᠨ ᠬᠢᠨ ᠮᠠᠯᠴᠢᠨ ᠨᠠᠮ ᠤᠨ ᠭᠡᠰᠢᠭᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ  ᠶᠢᠨ ᠭᠡᠰᠢᠭᠦᠳ ᠢᠶᠠᠨ ᠵᠤᠬᠢᠶᠠᠨ ᠪᠠᠶᠢᠭᠤᠯᠵᠦ᠂ ᠮᠠᠯᠴᠢᠳ ᠲᠤ ᠪᠠᠨ ᠡᠪᠡᠰᠦ ᠲᠠᠷᠬᠠᠭᠠᠨ ᠶᠠᠭᠠᠷᠠᠯᠳᠤᠵᠦ ᠪᠠᠶᠢᠯ᠎ᠠ᠃ ᠡᠨᠡ ᠪᠤᠯ ᠬᠦᠳᠡᠭᠡ ᠨᠤᠳᠤᠭ ᠤᠨ ᠮᠠᠯᠴᠢᠳ ᠢᠶᠠᠨ ᠡᠨᠡᠷᠢᠭᠰᠡᠨ ᠪᠠᠰᠠ ᠨᠢᠭᠡᠨ ᠭᠤᠶᠢᠳᠠ ᠦᠵᠡᠮᠵᠢ ᠪᠢᠯᠡ᠃ ᠶᠡᠭᠡᠭᠤᠤᠯ ᠰᠤᠮᠤᠨ ᠤ ᠲᠡᠯᠭᠡᠷ ᠭᠠᠴᠠᠭ᠎ᠠ ᠨᠢ ᠭᠠᠴᠠᠭᠠᠨ ᠤ ᠬᠠᠮᠲᠤ ᠶᠢᠨ ᠠᠵᠤ ᠠᠬᠤᠶ ᠪᠠᠨ ᠪᠤᠵᠠᠭᠠᠶᠢᠷᠠᠭᠤᠯᠬᠤ ᠶᠢ ᠵᠤᠷᠢᠵᠦ᠂ ᠦᠨᠦ ᠵᠢᠯ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠭᠠᠴᠠᠭᠠᠨ ᠤ ᠬᠠᠮᠲᠤ ᠶᠢᠨ ᠬᠤᠨᠢᠨ ᠰᠦᠷᠦᠭ ᠢᠶᠠᠨ ᠪᠦᠬᠦᠨ ᠢ ᠭᠠᠳᠠᠭᠰᠢ ᠲᠠᠭᠠᠭᠠᠴᠢᠯᠠᠭᠤᠯᠤᠨ᠂ 7000 ᠮᠥ ᠬᠠᠮᠲᠤ ᠶᠢᠨ ᠬᠠᠳᠤᠯᠠᠩ ᠢᠶᠠᠨ ᠥᠪᠡᠷᠲᠡᠭᠡᠨ ᠬᠠᠳᠤᠵᠤ᠂ 227 ᠲᠤᠨ ᠡᠪᠡᠰᠦ ᠬᠠᠳᠤᠵᠦ ᠬᠤᠷᠢᠶᠠᠭᠰᠠᠨ ᠪᠠᠶᠢᠵᠠᠢ᠃ ᠡᠶᠢᠨᠬᠦ  ᠭᠠᠴᠠᠭᠠᠨ ᠤ 45 ᠮᠠᠯᠵᠢᠬᠤ ᠡᠷᠦᠬᠡ ᠳᠤ ᠪᠠᠨ ᠡᠷᠦᠬᠡ ᠪᠦᠷᠢ ᠳᠤ 3.5 ᠲᠣᠨ ᠨᠤᠭᠳᠠᠭᠤᠯᠤᠨ᠂ ᠲᠤᠨ ᠪᠦᠷᠢ ᠳᠤ ᠪᠠᠨ 1000 ᠲᠥᠭᠦᠷᠢᠭ ᠤᠨ ᠬᠢᠮᠳᠠ ᠦᠨ᠎ᠡ ᠪᠠᠷ ᠬᠤᠳᠠᠯᠳᠤᠵᠦ ᠦᠭᠬᠦᠭᠰᠡᠨ ᠪᠠᠶᠢᠨ᠎ᠠ᠃ ᠦᠯᠡᠳᠡᠭᠰᠡᠨ 69.5 ᠲᠣᠨ ᠡᠪᠡᠰᠦ  ᠪᠠᠨ ᠭᠠᠴᠠᠭᠠᠨ ᠤ ᠭᠠᠮᠰᠢᠭ ᠲᠠᠢ ᠲᠡᠮᠡᠴᠡᠬᠦ ᠨᠦᠭᠡᠴᠡ ᠡᠪᠡᠰᠦ ᠪᠤᠯᠭᠠᠨ ᠨᠦᠭᠡᠴᠡᠯᠠᠵᠠᠢ᠃ ᠡᠨᠡ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ  ᠨᠡᠮᠡᠭᠳᠡᠬᠦᠯᠦᠭᠰᠡᠨ ᠢᠶᠠᠷ ᠪᠠᠷᠠᠬᠤ ᠦᠭᠡᠢ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠠᠰᠢᠭ ᠲᠤᠰᠠ︾ ᠶᠢ ᠮᠠᠯᠴᠢᠳ ᠲᠤ ᠬᠦᠷᠳᠡᠭᠡᠵᠦ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃    ᠡᠬᠦᠨ ᠠᠴᠠ ᠭᠠᠳᠠᠨ᠎ᠠ ᠡᠨᠡ ᠵᠢᠯ ᠤᠨ  ᠪᠤᠷᠤᠭᠠᠨ ᠬᠤᠷ᠎ᠠ ᠡᠯᠪᠡᠭ ᠪᠤᠯᠤᠭᠰᠠᠨ ᠠᠴᠠ ᠭᠠᠴᠠᠭᠠᠨ ᠤ ᠬᠠᠷᠢᠶᠠᠨ  ᠳᠠᠬᠢ ᠭᠤᠤᠯ ᠵᠠᠮ ᠡᠪᠳᠡᠭᠳᠡᠵᠦ᠂ ᠨᠦᠬᠡ ᠬᠤᠩᠬᠤᠯ ᠦᠷᠬᠦᠯᠵᠢᠯᠡᠨ᠂ ᠮᠠᠯᠴᠢᠨ ᠲᠦᠮᠡᠨ ᠤ ᠶᠠᠪᠤᠵᠦ ᠰᠠᠭᠤᠬᠤ ᠪᠠ ᠵᠠᠮ ᠨᠡᠪᠲᠡᠷᠡᠯᠭᠡ ᠶᠢᠨ ᠠᠮᠤᠷ ᠲᠦᠪᠰᠢᠨ ᠳᠤ ᠪᠠᠭ᠎ᠠ ᠪᠤᠰᠤ ᠬᠠᠷᠰᠢ ᠰᠠᠭᠠᠳ ᠪᠣᠯᠪᠠ᠃ ᠡᠨᠡᠬᠦ ᠪᠠᠶᠢᠳᠠᠯ ᠲᠤᠤᠷ᠎ᠠ ᠲᠡᠯᠭᠡᠷ ᠭᠠᠴᠠᠭ᠎ᠠ ᠨᠢ ᠪᠠᠰᠠ 4 ᠲᠦᠮᠡ 1000 ᠲᠥᠭᠦᠷᠢᠭ ᠤᠨ ᠪᠡᠯᠡ ᠤᠷᠤᠭᠤᠯᠤᠨ ᠪᠠᠶᠢᠵᠦ᠂ ᠡᠭᠦᠨ ᠳᠤ ᠭᠠᠴᠠᠭᠠᠨ ᠤ ᠬᠠᠮᠲᠤ ᠶᠢᠨ ᠬᠤᠷᠠᠮᠳᠤᠯ ᠠᠴᠠ 2 ᠲᠦᠮᠡ 8000 ᠲᠥᠭᠦᠷᠢᠭ ᠭᠠᠷᠭᠠᠵᠤ᠂ ᠵᠠᠮ ᠲᠠᠭᠠᠤ ᠰᠠᠭᠤᠷᠢᠰᠢᠭᠰᠡᠨ 18 ᠮᠠᠯᠵᠢᠬᠤ ᠡᠷᠦᠬᠡ ᠬᠠᠮᠳᠦᠪᠡᠷ 1 ᠲᠦᠮᠡ 3000 ᠲᠥᠭᠦᠷᠢᠭ ᠴᠤᠭᠯᠠᠭᠤᠯᠤᠨ᠂ ᠨᠠᠮ ᠤᠨ ᠭᠡᠰᠢᠭᠦᠨ᠂ ᠰᠠᠶᠢᠨ ᠲᠤᠷᠠᠴᠤᠤᠯ ᠵᠢᠴᠢ ᠡᠷᠬᠢᠨ ᠲᠣᠭᠤᠷᠢᠨ ᠤ ᠮᠠᠯᠴᠢᠳ ᠢ ᠵᠣᠬᠢᠶᠠᠨ ᠪᠠᠶᠢᠭᠤᠯᠵᠤ᠂ ᠭᠠᠴᠠᠭᠠᠨ ᠤ ᠭᠤᠣᠯ ᠵᠠᠮ ᠢ ᠵᠠᠰᠠᠬᠤ ᠠᠵᠢᠯᠯᠠᠭ᠎ᠠ ᠥᠷᠨᠢᠭᠦᠯᠪᠡ᠃ ᠨᠢᠭᠡ ᠭᠠᠷᠠᠭ ᠤᠨ ᠴᠢᠷᠮᠠᠶᠢᠯᠭ᠎ᠠ ᠪᠠᠷ ᠳᠠᠮᠵᠢᠨ᠂ 1 ᠤᠳᠬᠤᠭᠤᠷ ᠲᠡᠷᠭᠡ᠂ 1 ᠪᠠᠭ᠎ᠠ ᠬᠡᠯᠪᠡᠷᠢ ᠶᠢᠨ ᠵᠠᠮ ᠳᠠᠷᠤᠬᠤ ᠮᠠᠰᠢᠨ᠂ 30 ᠠᠴᠢᠵᠦ ᠪᠠᠭᠤᠯᠭᠠᠬᠤ ᠲᠡᠷᠭᠡ ᠬᠦᠳᠡᠯᠭᠡᠨ᠂ 14 ᠺᠢᠯᠤᠮᠧᠲᠷ ᠵᠠᠮ ᠢ ᠵᠠᠰᠠᠨ ᠲᠡᠭᠰᠢᠯᠡᠵᠦ᠂ ᠮᠠᠯᠴᠢᠨ ᠲᠦᠮᠡᠨ ᠳᠤ ᠪᠠᠨ ᠪᠠᠰᠠ ᠨᠢᠭᠡᠨ ᠪᠤᠳᠠᠳᠦ ᠠᠰᠢᠭ ᠬᠦᠷᠳᠡᠭᠡᠭᠰᠡᠨ ᠪᠠᠶᠢᠨ᠎ᠠ᠃    ᠳᠡᠯᠭᠡᠷ ᠭᠠᠴᠠᠭ᠎ᠠ ᠨᠢ ᠦᠷᠬᠦᠯᠵᠢᠯᠡᠨ ᠭᠠᠴᠠᠭᠠᠨ ᠤ ᠬᠠᠮᠲᠤ ᠶᠢᠨ ᠠᠵᠤ ᠠᠬᠤᠢ ᠪᠠᠨ ᠬᠥᠭᠵᠢᠭᠦᠯᠦᠨ ᠪᠤᠵᠠᠭᠠᠶᠢᠷᠠᠭᠤᠯᠵᠤ᠂ ᠭᠠᠴᠠᠭᠠᠨ ᠤ ᠮᠠᠯᠴᠢᠨ ᠲᠦᠮᠡᠨ ᠳᠤ ᠨᠡᠩ ᠤᠯᠠᠨ ᠬᠥᠭᠵᠢᠯᠲᠡ ᠵᠢᠨ‌ᠠᠰᠢᠭ ᠲᠤᠰᠠ ᠶᠢ ᠬᠦᠷᠳᠡᠭᠡᠬᠦ ᠪᠠᠷ ᠴᠢᠷᠮᠠᠶᠢᠨ ᠠᠵᠢᠯᠯᠠᠵᠦ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号