ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠨᠥᠬᠦᠪᠥᠷᠢ ᠥᠭᠬᠦ ᠣᠯᠠᠨ ᠵᠦᠢᠯᠡᠰ ᠢ ᠨᠡᠮᠡᠪᠡ
ᠨᠡᠶᠢᠲᠡᠯᠡᠭᠰᠡᠨ ᠴᠠᠭ᠄
2024/11/19
   ᠫᠧᠩ ᠫᠠᠢ ᠰᠣᠨᠢᠨ ᠮᠡᠳᠡᠭᠡᠨ ᠤ 10 ᠤ ᠡᠳᠦᠷ ᠮᠡᠳᠡᠭᠡᠯᠡᠭᠰᠡᠨ ᠢᠶᠠᠷ᠂ ᠱᠠᠩᠬᠠᠢ ᠨᠢ ᠭᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠰᠠᠶᠢᠬᠠᠨ ᠴᠠᠭ ᠦᠶ᠎ᠡ ᠳᠤ ︽ᠳᠡᠯᠭᠡᠨ ᠦᠵᠡᠭᠦᠯᠬᠦ︾ ᠪᠠᠷ ︽ᠬᠡᠷᠡᠭᠯᠡᠭᠡ︾ ᠶᠢ ᠠᠬᠢᠭᠤᠯᠬᠤ ᠬᠡᠯᠪᠡᠷᠢ ᠪᠠᠷ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠵᠤ ᠪᠠᠶᠢᠨ᠎ᠠ᠃ ︽ᠱᠠᠩᠬᠠᠶ ᠬᠤᠲᠠ ᠶᠢᠨ ᠤᠯᠤᠰ ᠤᠨ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠲᠦᠷᠢᠮ︾ ᠵᠢᠴᠢ ︽ᠱᠠᠩᠬᠠᠶ ᠬᠤᠲᠠ ᠶᠢᠨ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠭᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠦᠴᠦᠯᠡᠨ ᠳᠡᠮᠵᠢᠬᠦ ᠨᠠᠷᠢᠨ ᠲᠦᠷᠢᠮ︾  ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠪᠠᠷ ᠨᠡᠮᠡᠭᠳᠡᠭᠰᠡᠨ ᠬᠡᠷ ᠤᠨ ᠴᠠᠬᠢᠯᠭᠠᠨ ᠬᠡᠷᠡᠭᠰᠡᠯ ᠬᠡᠷ ᠤᠨ ᠡᠳ᠋ᠯᠡᠯ ᠤᠨ ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠥᠭᠬᠦ ᠵᠦᠢᠯᠡᠰ ᠪᠠ ᠣᠷᠣᠯᠴᠠᠬᠤ ᠠᠵᠤ ᠠᠬᠤᠶᠢᠯᠠᠯ ᠤᠨ ᠨᠡᠷᠡᠰ ︵ᠳᠥᠷᠪᠡᠳᠦᠭᠡᠷ ᠪᠦᠯᠦᠭ︶ ᠢ ᠵᠠᠷᠯᠠᠨ ᠨᠡᠶᠢᠲᠡᠯᠡᠪᠡ᠂ ᠡᠭᠦᠨ ᠳᠤ ᠴᠠᠬᠢᠯᠭᠠᠨ ᠦᠯᠢᠶᠡᠭᠦᠷ᠂ ᠴᠢᠮᠡᠭᠯᠡᠯ ᠳ᠋ᠧᠩ᠂ ᠴᠠᠬᠢᠯᠭᠠᠨ ᠬᠥᠳᠡᠯᠭᠡᠭᠦᠷᠲᠦ ᠬᠦᠷᠳᠦᠲᠦ ᠰᠠᠨᠳᠠᠯᠢ ᠵᠡᠷᠭᠡ ᠨᠥᠬᠦᠪᠥᠷᠢ ᠥᠭᠬᠦ ᠵᠦᠢᠯᠡᠰ ᠢ ᠰᠢᠨ᠎ᠡ ᠪᠠᠷ ᠨᠡᠮᠡᠵᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号