ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠰᠢᠩ ᠬᠠᠶ ᠫᠧᠩ ᠠᠪᠠᠭ᠎ᠠ ᠬᠤᠰᠢᠭᠤᠨ ᠤ ︽ᠬᠡᠤᠬᠡᠳ ᠪᠠ ᠮᠣᠷᠢ︾ ᠶᠢᠨ ᠭᠤᠤᠯ ᠰᠡᠳᠦᠪᠲᠦ ᠰᠣᠶᠣᠯ ᠤᠨ ᠬᠦᠷᠢᠶᠡᠯᠡᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/21
   11 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶᠠᠨ ᠤ ᠳᠡᠳ᠋ ᠳᠠᠷᠤᠭ᠎ᠠ ᠰᠢᠩ ᠬᠠᠶ ᠫᠧᠩ ᠠᠪᠠᠭ᠎ᠠ ᠬᠤᠰᠢᠭᠤᠨ ᠤ ︽ᠬᠡᠤᠬᠡᠳ ᠪᠠ ᠮᠣᠷᠢ︾ ᠭᠤᠤᠯ ᠰᠡᠳᠦᠪᠲᠦ ᠰᠣᠶᠣᠯ ᠤᠨ ᠬᠦᠷᠢᠶᠡᠯᠡᠩ ᠳᠤ ᠬᠦᠷᠴᠦ᠂ ︽ᠬᠡᠤᠬᠡᠳ ᠪᠠ ᠮᠣᠷᠢ︾ ᠭᠤᠤᠯ ᠰᠡᠳᠦᠪᠲᠦ ᠰᠣᠶᠣᠯ ᠤᠨ ᠬᠦᠷᠢᠶᠡᠯᠡᠩ ᠤᠨ ᠲᠥᠷᠥᠯ ᠵᠦᠢᠯ ᠤᠨ ᠬᠠᠮᠢᠶ᠎ᠠ ᠪᠥᠬᠦᠶ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠷᠢᠭᠤᠨ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠬᠠᠰᠪᠠᠭᠠᠨ᠎ᠠ ᠵᠢᠴᠢ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠬᠠᠮᠢᠶ᠎ᠠ ᠪᠦᠬᠦᠢ ᠬᠠᠷᠢᠭᠤᠴᠠᠯᠭᠠᠲᠠᠨ ᠤ ᠳᠠᠭᠠᠭᠤᠯᠭ᠎ᠠ ᠳᠣᠤᠷ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ︽ᠬᠡᠤᠬᠡᠳ ᠪᠠ ᠮᠣᠷᠢ︾ ᠭᠤᠤᠯ ᠰᠡᠳᠦᠪᠲᠦ ᠰᠣᠶᠣᠯ ᠤᠨ ᠬᠦᠷᠢᠶᠡᠯᠡᠩ ᠤᠨ ᠮᠣᠷᠢᠨ ᠫᠧᠩ᠂ ᠮᠣᠷᠢᠨ ᠮᠡᠷᠭᠡᠵᠢᠯ ᠤᠨ ᠪᠣᠯᠪᠠᠰᠤᠷᠠᠯ ᠤᠨ ᠣᠷᠳᠣᠨ᠂ ᠮᠣᠷᠢᠨ ᠥᠷᠲᠡᠭᠡ ᠵᠢᠴᠢ ᠭᠡᠷ ᠤᠨ ᠭᠠᠳᠠᠨᠠᠬᠢ ᠠᠵᠢᠭᠯᠠᠯᠲᠠ ᠶᠢᠨ ᠲᠠᠪᠴᠠᠩ᠂ ᠭᠦᠶᠦᠯᠲᠡ ᠶᠢᠨ ᠵᠠᠮ ᠵᠡᠷᠭᠡ ᠲᠠᠯᠠᠪᠤᠷ ᠢ ᠲᠣᠭᠤᠷᠢᠨ ᠦᠵᠡᠪᠡ᠃ ᠪᠠᠶᠢᠴᠠᠭᠠᠨ ᠰᠤᠳᠤᠯᠬᠤ ᠶᠠᠪᠤᠴᠠ ᠳᠤ᠂ ᠰᠢᠩ ᠬᠠᠶ ᠫᠧᠩ ᠳᠡᠳ᠋ ᠲᠣᠪᠴᠢᠶᠠᠨ ᠳᠠᠷᠤᠭ᠎ᠠ ᠰᠣᠶᠣᠯ ᠤᠨ ᠬᠦᠷᠢᠶᠡᠯᠡᠩ ᠤᠨ ᠲᠥᠷᠥᠯ ᠵᠦᠢᠯ ᠤᠨ ᠡᠯ᠎ᠡ ᠲᠥᠷᠥᠯ ᠤᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠵᠢᠴᠢ ᠪᠦᠬᠦᠯᠢ ᠴᠣᠭᠴᠠ ᠶᠢᠨ ᠲᠥᠯᠥᠪᠵᠢᠭᠦᠯᠭᠡ ᠶᠢᠨ ᠪᠠᠶᠢᠳᠠᠯ ᠢ ᠰᠣᠨᠣᠰᠪᠠ᠃ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ᠂ ᠰᠢᠩ ᠬᠠᠢ ᠫᠧᠩ ︽ᠬᠡᠦᠬᠡᠳ ᠪᠠ ᠮᠣᠷᠢ︾ ᠭᠤᠣᠯ ᠰᠡᠳᠦᠪᠲᠦ ᠰᠣᠶᠣᠯ ᠤᠨ ᠬᠦᠷᠢᠶᠡᠯᠡᠩ ᠤᠨ ᠲᠦᠷᠦᠯ ᠵᠦᠢᠯ ᠤᠨ ᠢᠷᠡᠭᠡᠳᠦᠢ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯᠤᠨ ᠬᠥᠭᠵᠢᠯᠲᠡ ᠶᠢᠨ ᠴᠢᠭᠯᠡᠯ ᠳᠤ ᠵᠢᠯᠣᠭᠤᠳᠬᠤ ᠰᠠᠨᠠᠯ ᠵᠢᠴᠢ ᠡᠷᠬᠢᠮ ᠨᠠᠨᠳᠢᠨ ᠰᠠᠨᠠᠭᠤᠯᠭ᠎ᠠ ᠳᠤᠷᠠᠳᠴᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号