ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/26
   11 ᠰᠠᠷ᠎ᠠ ᠶᠢᠨ 19 ᠤ ᠡᠳᠦᠷ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠠᠰᠪᠠᠭᠠᠲᠤᠷ ᠬᠤᠷᠠᠯ ᠢ ᠡᠷᠭᠢᠯᠡᠵᠦ᠂ ᠬᠤᠷᠠᠯ ᠳᠤ ᠣᠷᠣᠯᠴᠠᠬᠤ ᠶᠣᠰᠣᠲᠠᠶ 28 ᠬᠥᠮᠦᠨ᠂ ᠪᠣᠳᠠᠲᠠᠶ ᠣᠷᠣᠯᠴᠠᠭᠰᠠᠨ ᠨᠢ 22 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃    ᠬᠤᠷᠠᠯ ᠳᠡᠭᠡᠷ᠎ᠡ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾᠂ ᠰᠢᠯᠢ ᠶᠢᠨ ᠭᠤᠤᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ︽︿ᠬᠤᠶᠠᠷ ᠢ ᠣᠷᠣᠭᠤᠯᠬᠤ﹀ ᠠᠵᠢᠯ ᠢ ᠭᠦᠨᠵᠡᠭᠡᠶᠢᠷᠡᠭᠦᠯᠵᠦ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ︽2023 ᠣᠨ ᠤ ᠲᠥᠰᠦᠪ ᠤᠨ ᠭᠦᠢᠴᠡᠳᠬᠡᠯ ᠤᠨ ᠲᠥᠰᠦᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠪᠡ︔ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠪᠥᠬᠦ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠪᠥᠬᠦ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠠᠪᠠᠭ᠎ᠠ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ︔ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠶᠢᠨ ᠪᠠᠶᠢᠳᠠᠯ ᠤᠨ ᠲᠤᠬᠠᠶ ᠠᠵᠢᠯ ᠤᠨ ᠮᠡᠳᠡᠭᠦᠯᠦᠯᠲᠡ ᠶᠢ ᠰᠣᠨᠣᠰᠪᠠ︔ ᠬᠤᠷᠠᠯ ᠠᠴᠠ ᠪᠠᠰᠠ ︽ᠲᠥᠯᠥᠭᠡᠯᠡᠭᠴᠢ ᠶᠢ ᠨᠥᠬᠦᠨ ᠰᠣᠩᠭᠤᠬᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号