ᠠᠪᠠᠭ᠎ᠠ ᠬᠤᠰᠢᠭᠤᠨ ᠤ ᠣᠷᠣᠨ ᠨᠤᠲᠤᠭ ᠤᠨ ᠣᠨᠴᠠᠯᠢᠭᠲᠤ ᠠᠵᠤ ᠠᠬᠤᠶᠢᠯᠠᠯ ︽ᠥᠪᠥᠷ ᠮᠣᠩᠭᠤᠯ ᠤᠨ ᠰᠢᠯᠢᠳᠡᠭ ᠪᠦᠳᠤᠬᠡᠭᠳᠡᠬᠦᠨ ᠢ ᠲᠠᠨᠢᠯᠴᠠᠭᠤᠯᠬᠤ︾ ᠳᠤ ᠣᠷᠣᠯᠴᠠᠪᠠ
ᠨᠡᠶᠢᠲᠡᠯᠡᠭᠰᠡᠨ ᠴᠠᠭ᠄
2024/11/26
   11 ᠰᠠᠷ᠎ᠠ ᠶᠢᠨ 23 ᠤ ᠡᠳᠦᠷ᠂ ︽ᠥᠪᠥᠷ ᠮᠣᠩᠭᠤᠯ ᠤᠨ ᠰᠠᠶᠢᠨ ᠰᠠᠶᠢᠬᠠᠨ ᠰᠢᠯᠢ ᠶᠢᠨ ᠭᠤᠤᠯ ᠤᠨ ᠲᠤᠰᠬᠠᠶ ᠲᠠᠯᠠᠪᠠᠶ︾ ᠬᠥᠬᠡᠬᠤᠲᠠ ᠳᠤ ᠶᠠᠪᠤᠭᠳᠠᠬᠤ ᠪᠣᠯᠤᠨ᠎ᠠ᠃ 11 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠰᠤᠷᠪᠤᠯᠵᠢᠯᠠᠭᠴᠢ ᠠᠪᠠᠭ᠎ᠠ ᠬᠤᠰᠢᠭᠤᠨ ᠤ ᠵᠤᠤ ᠹᠦ᠋ ᠠᠵᠤ ᠠᠬᠤᠶ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠬᠦᠷᠬᠦ ᠦᠶ᠎ᠡ ᠳᠤ᠂ ᠠᠵᠤ ᠠᠬᠤᠶᠢᠯᠠᠯ ᠪᠡᠯᠡᠳᠬᠡᠯ ᠢᠶᠠᠨ ᠭᠦᠢᠴᠡᠳ ᠬᠢᠵᠦ᠂ ᠰᠤᠳᠤᠨ ᠪᠦᠳᠤᠬᠡᠭᠳᠡᠬᠦᠨ ᠬᠠᠶᠢᠷᠴᠠᠭᠯᠠᠵᠤ ᠮᠣᠷᠳᠠᠬᠤ ᠪᠠᠷ ᠪᠡᠯᠡᠬᠡᠨ ᠪᠣᠯᠪᠠ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢᠯᠢᠳᠡᠭ ᠪᠦᠳᠦᠭᠡᠭᠳᠡᠭᠦᠨ ᠰᠢᠯᠢ ᠶᠢᠨ ᠭᠤᠣᠯ ᠳᠤᠰᠬᠠᠢ ᠲᠠᠯᠠᠪᠠᠢ 11 ᠰᠠᠷ᠎ᠠ ᠶᠢᠨ 23 ᠤ ᠡᠳᠦᠷ ᠥᠪᠥᠷ ᠮᠣᠩᠭᠤᠯ ᠤᠨ ᠷᠡᠳᠢᠤ᠋ ᠲᠧᠯᠸᠢᠰ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠤᠪᠠᠭ ᠲᠤ ᠨᠡᠪᠲᠡᠷᠡᠭᠦᠯᠬᠦ ᠪᠣᠯᠤᠨ᠎ᠠ᠂ ᠲᠤᠬᠠᠢ ᠶᠢᠨ ᠣᠢᠶ᠎ᠠ ᠳᠤ ᠰᠢᠭᠤᠳ ᠨᠡᠪᠲᠡᠷᠡᠭᠦᠯᠭᠡ ᠶᠢᠨ ᠳᠤᠮᠳᠠ ᠦᠵᠡᠭᠴᠢᠳ ᠰᠢᠯᠢ ᠶᠢᠨ ᠭᠤᠣᠯ ᠤᠨ ᠭᠤᠶᠣ ᠦᠵᠡᠮᠵᠢ ᠶᠢ ᠰᠣᠨᠢᠷᠬᠠᠵᠤ᠂ ᠰᠢᠯᠢ ᠶᠢᠨ ᠭᠤᠣᠯ ᠤᠨ ᠰᠣᠶᠣᠯ ᠢ ᠣᠶᠢᠯᠠᠭᠠᠵᠤ᠂ ᠰᠢᠯᠢ ᠶᠢᠨ ᠭᠤᠣᠯ ᠤᠨ ᠠᠮᠲᠠᠲᠤ ᠢᠳᠡᠭᠡᠨ ᠢ ᠲᠠᠭᠠᠰᠢᠶᠠᠨ ᠰᠤᠨᠢᠷᠬᠠᠬᠤ ᠪᠣᠯᠤᠨ᠎ᠠ᠃ ᠲᠣᠰ ᠲᠠᠯᠠᠪᠠᠶ ᠶᠢᠨ ᠰᠢᠭᠤᠳ ᠨᠡᠪᠲᠡᠷᠡᠭᠦᠯᠭᠡ ᠳᠤ ᠡᠯ᠎ᠡ ᠲᠥᠷᠥᠯ ᠤᠨ ᠰᠢᠯᠢ ᠶᠢᠨ ᠭᠤᠤᠯ ᠤᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠠᠵᠤ ᠠᠬᠤᠶᠢᠯᠠᠯ ᠢ ᠪᠠᠭᠲᠠᠭᠠᠵᠤ᠂ ᠪᠥᠬᠦ ᠰᠦᠯᠵᠢᠶᠡᠨ ᠤ ᠦᠵᠡᠭᠴᠢᠳ ᠢ ᠤᠷᠢᠵᠤ ᠰᠢᠯᠢ ᠶᠢᠨ ᠭᠤᠤᠯ ᠤᠨ ᠣᠨᠴᠠᠯᠢᠭᠲᠤ ᠪᠦᠳᠦᠭᠡᠭᠳᠡᠭᠦᠨ ᠢ ᠠᠮᠲᠠᠯᠠᠭᠤᠯᠬᠤ ᠪᠣᠯᠤᠨ᠎ᠠ᠃ ︽ᠥᠪᠥᠷ ᠮᠣᠩᠭᠤᠯ ᠤᠨ ᠰᠢᠯᠢᠳᠡᠭ ᠪᠦᠳᠦᠭᠡᠭᠳᠡᠭᠦᠨ︾ ᠰᠢᠭᠤᠳ ᠨᠡᠪᠲᠡᠷᠡᠭᠦᠯᠭᠡ ᠶᠢᠨ ᠲᠠᠰᠤᠭ ᠢᠶᠠᠷ ᠳᠠᠮᠵᠢᠭᠤᠯᠤᠨ᠂ ᠰᠢᠯᠢ ᠶᠢᠨ ᠭᠤᠤᠯ ᠤᠨ ᠰᠢᠯᠢᠳᠡᠭ ᠪᠦᠳᠦᠭᠡᠭᠳᠡᠭᠦᠨ ᠢ ᠪᠥᠬᠦ ᠣᠷᠣᠨ ᠳᠤ ᠳᠡᠯᠭᠡᠷᠡᠭᠦᠯᠦᠨ᠂ ᠪᠥᠬᠦ ᠤᠯᠤᠰ ᠲᠤ ᠪᠤᠷᠤᠯᠠᠭᠤᠯᠬᠤ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号