ᠠᠪᠠᠭ᠎ᠠ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠨᠥᠭᠡᠴᠡᠯᠡᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/26
   ᠣᠶᠢᠷ᠎ᠠ ᠳᠤ᠂ ᠠᠪᠠᠭ᠎ᠠ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠠᠭᠤᠰᠤᠯᠴᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠲᠣᠭᠲᠠᠭᠤᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ 2025 ᠤᠨ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠪᠦᠯᠦᠭ ᠬᠤᠪᠢᠶᠠᠨ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠷᠠᠯ ᠡᠷᠭᠢᠯᠡᠵᠤ ᠶᠠᠷᠢᠶ᠎ᠠ ᠲᠠᠯᠪᠢᠵᠤ᠂ ᠡᠯ᠎ᠡ ᠬᠤᠰᠢᠭᠤ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠥᠭᠡᠴᠡ ᠲᠥᠷᠥᠯ ᠵᠦᠢᠯ ᠳᠤ ᠵᠢᠭᠠᠨ ᠵᠢᠯᠤᠭᠤᠳᠤᠯᠭ᠎ᠠ ᠬᠢᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ︽ᠴᠣᠩᠬᠤᠪᠴᠢ ᠶᠢᠨ ᠬᠤᠭᠤᠴᠠᠭ᠎ᠠ︾ ᠶᠢ ᠴᠠᠭ ᠲᠤᠬᠠᠶ ᠳᠤᠨᠢ ᠡᠵᠡᠮᠳᠡᠵᠦ᠂ ︽ᠲᠥᠯᠥᠪᠵᠢᠭᠦᠯᠭᠡ ᠳᠤ ᠵᠢᠭᠠᠭᠰᠠᠨ᠂ ᠡᠬᠢ ᠪᠠᠶᠠᠯᠢᠭ᠂ ᠠᠷᠠᠳ ᠲᠦᠮᠡᠨ ᠤ  ᠬᠡᠷᠡᠭᠴᠡᠭᠡ᠂ ᠲᠥᠷᠥ ᠶᠢᠨ ᠪᠣᠳᠣᠯᠭ᠎ᠠ ᠶᠢᠨ ᠴᠢᠭᠯᠡᠯ︾ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠨᠠᠷᠢᠨ ᠬᠤᠪᠢᠶᠠᠬᠤ ᠲᠣᠭᠤᠷᠢᠨ ᠳᠤ ᠪᠦᠬᠦ ᠬᠦᠴᠦᠨ ᠢᠶᠠᠷ ᠢᠶᠠᠨ ᠲᠥᠷᠥᠯ ᠵᠦᠢᠯ᠂ ᠪᠠᠯᠠ ᠮᠥᠩᠭᠦ ᠤᠯᠬᠤ ᠪᠠᠷ ᠴᠢᠷᠮᠠᠶᠢᠵᠤ᠂ ᠨᠢᠭᠡ ᠪᠦᠯᠦᠭ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠲᠠᠰ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠥᠷᠥᠯ ᠵᠦᠢᠯ ᠢ ᠲᠥᠯᠥᠪᠵᠢᠭᠦᠯᠬᠦ ᠰᠠᠶᠢᠨ ᠲᠣᠭᠲᠠᠴᠠ ᠶᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ︔ ᠵᠣᠯᠭᠠᠯᠳᠤᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠪᠠᠯᠠ ᠮᠥᠩᠭᠦ ᠶᠢ ᠴᠢᠷᠮᠠᠶᠢᠨ ᠣᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠪᠠ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠠᠬᠢᠭᠤᠯᠬᠤ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠣᠨᠣᠪᠴᠢᠲᠠᠶ ᠡᠷᠢᠵᠦ᠂ ᠤᠷᠢᠳᠴᠢᠯᠠᠨ ᠲᠥᠯᠥᠪᠵᠢᠭᠦᠯᠵᠦ᠂ ᠳᠡᠭᠡᠭᠰᠢ ᠨᠡᠪᠲᠡᠷᠡᠯᠴᠡᠬᠦ ᠪᠠ ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠥᠷᠥᠯ ᠵᠦᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号