2024 ᠣᠨ ᠤ 11 ᠰᠠᠷ᠎ᠠ ᠶᠢᠨ 15 ᠤ ᠡᠳᠦᠷ᠂ ᠵᠢᠷᠭᠠᠯᠠᠩᠲᠤ ᠰᠤᠮᠤᠨ ᠤ ᠲᠥᠪ ᠡᠷᠡᠭᠦᠯ ᠬᠠᠮᠠᠭᠠᠯᠠᠯ ᠤᠨ | ᠬᠤᠷᠢᠶ᠎ᠠ ᠡᠷᠦᠭᠡ ᠪᠠᠨ ᠰᠡᠬᠦᠵᠦ ᠠᠰᠢᠭᠯᠠᠯᠳᠠ ᠳᠤ ᠤᠷᠤᠪᠠ᠃ ᠵᠢᠷᠭᠠᠯᠠᠩᠲᠤ ᠰᠤᠮᠤᠨ ᠤ ᠲᠥᠪ ᠡᠷᠡᠭᠦᠯ | ᠬᠠᠮᠠᠭᠠᠯᠠᠯ ᠤᠨ ᠬᠤᠷᠢᠶᠠᠨ ᠤ ᠰᠢᠨ᠎ᠡ ᠠᠰᠠᠷ ᠠᠰᠢᠭᠯᠠᠯᠲᠠ ᠳᠤ ᠤᠷᠤᠭᠰᠠᠨ ᠨᠢ ᠰᠤᠮᠤᠨ ᠤ ᠪᠦᠬᠦ ᠠᠷᠠᠳ ᠲᠦᠮᠡᠨ | ᠳᠤ ᠬᠤᠯᠪᠤᠭᠳᠠᠬᠤ ᠨᠢᠭᠡᠨ ᠶᠡᠭᠡ ᠶᠠᠪᠤᠳᠠᠯ ᠪᠣᠯᠤᠨ᠎ᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠡᠷᠡᠭᠦᠯ ᠬᠠᠮᠠᠭᠠᠯᠠᠯ ᠤᠨ ᠬᠤᠷᠢᠶᠠᠨ ᠤ ᠪᠥᠬᠦ ᠺᠠᠳ᠋ᠷ ᠠᠵᠢᠯᠲᠠᠨ ᠠᠵᠢᠯᠳᠠᠨ ᠡᠭᠦᠨ ᠢᠶᠠᠷ ᠭᠠᠷᠳᠠᠴᠠ ᠪᠣᠯᠭᠠᠵᠤ᠂ | ᠦᠨᠳᠦᠰᠦᠨ ᠱᠠᠲᠤᠨ ᠤ ᠣᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠬᠠᠷᠢᠶ᠎ᠠ ᠭᠠᠵᠠᠷ ᠤᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠣᠯᠠᠨ | ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠬᠦ ᠪᠤᠯᠤᠨ᠎ᠠ᠃ | ᠵᠢᠷᠭᠠᠯᠠᠩᠲᠤ ᠰᠤᠮᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠨᠢ ᠪᠥᠬᠦ ᠬᠤᠰᠢᠭᠤᠨ ᠤ 3 ᠬᠢᠯᠢ ᠶᠢᠨ | ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠨᠢᠭᠡ ᠨᠢ ᠪᠣᠯᠤᠭᠰᠠᠨ ᠤ ᠬᠤᠪᠢ ᠳᠤ᠂ ᠪᠥᠬᠦ ᠰᠤᠮᠤᠨ ᠤ 7 | ᠭᠠᠴᠠᠭ᠎ᠠ᠂ 1 ᠰᠠᠭᠤᠭᠠᠯᠢ ᠲᠤᠭᠤᠷᠢᠭ ᠬᠢᠭᠡᠳ 1 ᠠᠭᠤᠷᠬᠠᠶ ᠶᠢᠨ ᠲᠤᠭᠤᠷᠢᠭ ᠤᠨ 2000 ᠭᠠᠷᠤᠶ ᠣᠯᠠᠨ | ᠲᠦᠮᠡᠨ ᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠡᠭᠦᠷᠭᠡ ᠶᠢ ᠡᠭᠦᠷᠭᠡᠯᠡᠵᠦ ᠪᠣᠶ᠃ ᠣᠯᠠᠨ ᠲᠦᠮᠡᠨ ᠤ | ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠵᠤ᠂ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠡᠬᠦᠳᠡᠨ ᠠᠴᠠ᠂ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ | ᠲᠤᠯᠭᠠᠮ᠎ᠠ ᠠᠰᠠᠭᠤᠳᠠᠯ ᠠᠴᠠ ᠭᠠᠷᠳᠠᠬᠤ ᠶᠢ ᠬᠢᠴᠢᠶᠡᠵᠦ᠂ 2024 ᠣᠨ ᠳᠤ 480 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠵᠢᠷᠭᠠᠯᠠᠩᠳᠣ ᠰᠤᠮᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ | ᠲᠥᠷᠥᠯ ᠵᠦᠢᠯ ᠢ ᠬᠡᠷᠡᠭᠵᠢᠭᠦᠯᠵᠦ᠂ ᠬᠤᠰᠢᠭᠤ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠳᠤ ᠣᠷᠣᠭᠤᠯᠤᠨ ᠭᠤᠤᠯᠳᠠᠯᠭ᠎ᠠ ᠲᠠᠢ ᠠᠬᠢᠭᠤᠯᠤᠭᠰᠠᠨ ᠪᠠᠶᠢᠨ᠎ᠠ᠃ | ᠵᠢᠷᠭᠠᠯᠠᠩᠳᠣ ᠰᠤᠮᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶᠠᠨ ᠤ ᠰᠢᠨ᠎ᠡ ᠠᠰᠠᠷ ᠠᠰᠢᠭᠯᠠᠯᠲᠠ ᠳᠤ | ᠤᠷᠤᠭᠰᠠᠨ ᠨᠢ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠮ ᠡᠮᠨᠡᠯᠭᠡ ᠶᠢᠨ ᠳᠤᠲᠠᠭᠤᠳᠠᠯ ᠢ ᠤᠯᠠᠮ ᠨᠢᠭᠡ | ᠠᠯᠬᠤᠮ ᠨᠥᠬᠦᠪᠥᠷᠢᠯᠡᠵᠦ᠂ ᠠᠪᠠᠭ᠎ᠠ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ | ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠠᠪᠤᠷᠠᠨ ᠵᠠᠰᠠᠬᠤ | ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠲᠤᠷᠰᠢᠯᠭ᠎ᠠ ᠪᠠ ᠯᠠᠪᠯᠠᠯᠲᠠ ᠬᠠᠩᠭᠠᠬᠤ | ᠪᠤᠯᠤᠨ᠎ᠠ᠃ |